ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠤ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠡᠮᠦᠨ᠎ᠡ ᠭᠤᠷᠪᠠᠨ ᠰᠤᠮᠤ︾ ᠶᠢᠨ ᠵᠠᠰᠠᠯᠲᠠ ᠶᠢᠨ ᠣᠷᠣᠨ ᠳᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/4/16
   ᠤᠷᠢᠬᠠᠨ ᠬᠠᠪᠤᠷ ᠤᠨ ᠤᠷᠢᠬᠠᠨ ᠰᠠᠯᠬᠢᠨ ᠤ ᠠᠶᠠᠰ ᠢᠶᠠᠷ ᠡᠪᠡᠰᠦ ᠤᠷᠭᠤᠬᠤ ᠨᠢ ᠶᠠᠭ ᠴᠠᠭ ᠳᠠᠭᠠᠨ ᠪᠠᠶᠢᠨ᠎ᠠ᠃ 4 ᠰᠠᠷ᠎ᠠ ᠶᠢᠨ 15 ᠤ ᠡᠳᠦᠷ᠂ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠪᠠᠶᠢᠯᠳᠤᠭᠠᠨ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠡᠮᠦᠨ᠎ᠡ ᠭᠤᠷᠪᠠᠨ ᠰᠤᠮᠤ︾ ᠶᠢᠨ ᠵᠠᠰᠠᠯᠲᠠ ᠶᠢᠨ ᠣᠷᠣᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠥᠷ ᠬᠥᠭᠵᠢᠶᠡᠨ ᠲᠠᠢ ᠶᠠᠪᠤᠭᠳᠠᠪᠠ᠃ ᠲᠥᠪ ᠤᠨ ᠤᠬᠠᠭᠤᠯᠬᠤ ᠬᠡᠯᠲᠡᠰ᠂ ᠳᠤᠮᠳᠠᠳᠤ ᠤᠯᠤᠰ ᠤᠨ ᠰᠣᠨᠢᠨ ᠮᠡᠳᠡᠭᠡᠨ ᠤ ᠨᠡᠶᠢᠭᠡᠮᠯᠢᠭ᠂ ᠤᠯᠤᠰ ᠤᠨ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠲᠥᠪ ᠪᠠ ᠲᠥᠷᠥ ᠶᠢᠨ ᠪᠠᠶᠢᠭᠤᠯᠭ᠎ᠠ᠂ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠳᠤᠮᠳᠠᠳᠤ ᠤᠯᠤᠰ ᠤᠨ ᠨᠣᠭᠤᠭᠠᠷᠠᠭᠤᠯᠤᠯᠲᠠ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠵᠥᠩ ᠭᠤᠸᠠᠩ ᠾᠧ ᠵᠡᠷᠭᠡ ᠬᠢᠩᠭᠠᠨ ᠠᠶᠢᠮᠠᠭ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠤᠨ ᠬᠤᠯᠪᠣᠭᠠᠲᠤ ᠴᠣᠭᠴᠠ ᠶᠢᠨ ᠪᠦᠷᠢᠯᠳᠦᠬᠦᠨ ᠨᠢᠭᠡᠴᠡ ᠠᠴᠠ ᠢᠷᠡᠵᠦ᠂ ᠲᠤᠬᠠᠢ ᠶᠢᠨ ᠭᠠᠵᠠᠷ ᠤᠨ ᠺᠠᠳ᠋ᠷ ᠣᠯᠠᠨ ᠲᠦᠮᠡᠨ ᠲᠠᠢ ᠬᠠᠮᠲᠤ ᠬᠠᠮᠲᠤ ᠪᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠮᠣᠳᠣ ᠲᠠᠷᠢᠵᠤ ᠣᠶᠢᠵᠢᠭᠤᠯᠬᠤ ᠪᠠ ᠡᠪᠡᠰᠦ ᠲᠠᠷᠢᠵᠤ᠂ ᠮᠠᠩᠬᠠᠨ ᠰᠢᠷ᠎ᠠ ᠡᠯᠡᠰᠦ ᠶᠢ ᠪᠦᠷᠬᠦᠭᠰᠡᠨ ᠪᠠᠶᠢᠨ᠎ᠠ᠃    ᠲᠥᠪ ᠤᠨ ᠤᠬᠠᠭᠤᠯᠬᠤ ᠬᠡᠯᠲᠡᠰ ᠨᠢ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠡ ᠪᠣᠯᠤᠭᠰᠠᠨ ᠤ ᠬᠤᠪᠢ ᠳᠤ᠂ 2015 ᠣᠨ ᠤ 8 ᠰᠠᠷ᠎ᠠ ᠳᠤ ᠬᠠᠪᠰᠤᠷᠤᠨ ᠲᠡᠳᠬᠦᠬᠦ ᠶᠢ ᠥᠷᠨᠢᠭᠦᠯᠦᠭᠰᠡᠨ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠠᠮᠢ ᠠᠬᠤᠢ ᠶᠢ ᠴᠢᠬᠤᠯᠠᠴᠢᠯᠠᠬᠤ︾ ᠵᠠᠮ ᠢᠶᠠᠷ ᠦᠷᠭᠦᠯᠵᠢᠯᠡᠨ ᠰᠠᠶᠢᠲᠤᠷ ᠵᠠᠮᠨᠠᠬᠤ ᠶᠢ ᠳᠡᠮᠵᠢᠵᠦ᠂ ᠡᠯ᠎ᠡ ᠲᠠᠯ᠎ᠠ ᠶᠢᠨ ᠬᠦᠴᠦᠨ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠪᠦᠬᠦ ᠬᠤᠰᠢᠭᠤᠨ ᠤ ᠣᠢ ᠰᠢᠭᠤᠢ ᠶᠢᠨ ᠪᠦᠷᠬᠦᠴᠡ ᠶᠢᠨ ᠨᠣᠷᠮ᠎ᠠ ᠪᠠ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ︽ᠬᠤᠣᠰ ᠳᠡᠭᠡᠭᠰᠢᠯᠡᠯᠲᠡ︾ ᠶᠢ ᠪᠡᠶᠡᠯᠡᠭᠦᠯᠵᠦ᠂ ᠪᠦᠬᠦ ᠤᠯᠤᠰ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠠᠮᠵᠢᠯᠲᠠ ᠲᠠᠢ ᠡᠭᠦᠳᠦᠨ ᠪᠠᠶᠢᠭᠤᠯᠪᠠ᠃ ᠡᠨᠡ ᠵᠢᠯ᠂ ᠲᠥᠪ ᠤᠨ ᠤᠬᠠᠭᠤᠯᠬᠤ ᠬᠡᠯᠲᠡᠰ ᠪᠠᠰᠠ ᠲᠥᠪ ᠤᠨ ᠰᠤᠷᠲᠠᠯ ᠤᠬᠠᠭᠤᠯᠭ᠎ᠠ ᠰᠣᠶᠣᠯ ᠤᠨ ᠨᠢᠭᠡᠴᠡ ᠪᠣᠯᠤᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠬᠦᠴᠦᠨ ᠢ ᠵᠣᠬᠢᠶᠠᠨ ᠪᠠᠶᠢᠭᠤᠯᠤᠨ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠳᠤ ᠪᠦᠬᠦ ᠲᠠᠯ᠎ᠠ ᠪᠠᠷ ᠣᠷᠣᠯᠴᠠᠭᠤᠯᠵᠤ ᠂ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ᠂ ︽ᠢᠨᠲ᠋ᠧᠷ ᠰᠦᠯᠵᠢᠶ᠎ᠡ︾ ᠪᠣᠯᠤᠨ ︽ᠪᠠᠲᠤᠴᠠᠭᠠᠨ ᠬᠠᠶᠢᠯᠠᠰᠤ ᠬᠠᠮᠲᠤ ᠪᠠᠷ ᠲᠤᠭᠤᠯᠬᠤ︾ ᠲᠦᠩ ᠰᠢᠨ ᠯᠢᠨ᠂ ᠰᠤᠷᠪᠤᠯᠵᠢᠯᠠᠭᠴᠢ ᠶᠢᠨ ᠤᠢ᠂ ᠨᠡᠶᠢᠭᠡᠮᠯᠢᠭ ᠤᠨ ᠣᠢ ᠵᠡᠷᠭᠡ ᠵᠠᠭᠪᠤᠷ ᠢᠶᠠᠷ ᠳᠠᠮᠵᠢᠭᠤᠯᠤᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ᠬᠠᠪᠰᠤᠷᠤᠨ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠮᠢᠳᠤᠯᠢᠭ ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠳᠤ ᠣᠷᠣᠯᠴᠠᠬᠤ ᠬᠠᠯᠠᠭᠤᠨ ᠰᠡᠳᠬᠢᠯᠭᠡ ᠪᠣᠯᠤᠨ ᠡᠷᠴᠢ ᠵᠣᠷᠢᠭ ᠢ ᠬᠥᠭᠵᠢᠭᠡᠪᠡ᠃    ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠷᠴᠢᠨ ᠤ ᠡᠯᠡᠰᠦᠷᠬᠡᠭ ᠭᠠᠵᠠᠷ ᠤᠨ ᠥᠷᠥᠴᠡ ᠳᠤ ᠪᠠᠶᠢᠷᠢᠯᠠᠵᠤ᠂ ᠤᠰᠠᠳᠬᠠᠬᠤ ᠳᠠᠶᠢᠨ ᠤ ︽ᠭᠤᠣᠯ ᠳᠠᠶᠢᠨ ᠤ ᠲᠠᠯᠠᠪᠤᠷ︾ ᠪᠠᠶᠢᠵᠤ᠂ ᠪᠦᠬᠦ ᠠᠶᠢᠮᠠᠭ ᠤᠨ 405 ᠲᠦᠮᠡᠨ ᠮᠦ ᠡᠯᠡᠰᠦᠷᠬᠡᠭ ᠭᠠᠵᠠᠷ ᠤᠨ ᠳᠣᠲᠣᠷ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 402 ᠲᠦᠮᠡᠨ ᠮᠦ ᠶᠢ ᠡᠵᠡᠯᠡᠵᠦ ᠪᠤᠢ᠃ ᠣᠶᠢᠯᠠᠭᠠᠭᠰᠠᠨ ᠢᠶᠠᠷ᠂ ᠡᠨᠡ ᠵᠢᠯ ᠪᠦᠬᠦ ᠠᠶᠢᠮᠠᠭ ᠢᠶᠠᠷ ᠢᠶᠠᠨ 37 ᠲᠦᠮᠡᠨ ᠮᠦ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ᠂ 4251 ᠮᠥ ᠬᠤᠵᠢᠷᠯᠢᠭ ᠭᠠᠵᠠᠷ ᠢ ᠵᠠᠰᠠᠵᠤ ᠰᠠᠶᠢᠵᠢᠷᠠᠭᠤᠯᠬᠤ ᠶᠢ ᠪᠡᠶᠡᠯᠡᠭᠦᠯᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 90 ᠲᠦᠮᠡᠨ ᠺᠢᠯᠣᠸᠠᠲ ᠢᠵᠢ ᠪᠦᠷᠢᠳᠦᠭᠦᠯᠦᠨ ᠨᠠᠶᠢᠳᠠᠪᠤᠷᠢᠵᠢᠭᠤᠯᠵᠤ᠂ ᠪᠦᠬᠦᠨ ᠢᠶᠠᠷ ᠢᠶᠠᠨ 5.9 ᠲᠦᠮᠡᠨ ᠮᠦ ᠢᠯᠡ ᠡᠯᠡᠰᠦ ᠮᠠᠩᠬ᠎ᠠ ᠶᠢ ᠤᠰᠠᠳᠬᠠᠬᠤ ᠪᠠᠷ ᠴᠢᠷᠮᠠᠶᠢᠨ᠎ᠠ᠃ ᠵᠠᠰᠠᠬᠤ ᠶᠠᠪᠤᠴᠠ ᠳᠤ᠂ ᠬᠢᠩᠭᠠᠨ ᠠᠶᠢᠮᠠᠭ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠢ ᠠᠬᠢᠭᠤᠯᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠪᠣᠳᠠᠲᠠᠢ ᠳᠤ ᠰᠠᠭᠤᠷᠢᠯᠠᠨ ︽ᠱᠠᠯᠢᠭ ᠵᠠᠪᠬᠠᠢ ᠵᠦᠢᠯᠡᠰ ᠢ ᠤᠰᠠᠳᠬᠠᠬᠤ᠂ ᠴᠠᠭᠠᠨ ᠢ ᠵᠠᠰᠠᠬᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ︾ ᠬᠠᠷᠠᠯᠲᠠ ᠪᠠ ᠰᠢᠨ᠎ᠡ ᠡᠨᠧᠷᠭᠢ ᠶᠢᠨ ᠡᠯᠡᠰᠦ ᠶᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠬᠤ᠂ ᠣᠯᠠᠨ ᠲᠦᠮᠡᠨ ᠤ ᠡᠯᠡᠰᠦ ᠶᠢ ᠵᠠᠰᠠᠬᠤ᠂ ᠨᠡᠶᠢᠭᠡᠮ ᠤᠨ ᠡᠯᠡᠰᠦ ᠶᠢ ᠵᠠᠰᠠᠬᠤ᠂ ᠦᠷ᠎ᠡ ᠠᠰᠢᠭ ᠢᠶᠠᠷ ᠡᠯᠡᠰᠦ ᠶᠢ ᠵᠠᠰᠠᠬᠤ ᠶᠢ ᠬᠠᠮᠵᠢᠯᠴᠠᠨ ᠵᠠᠰᠠᠬᠤ ᠵᠠᠭᠪᠤᠷ ᠢ ᠳᠤᠷᠠᠳᠴᠤ᠂ ᠬᠠᠷᠢᠭᠤᠴᠠᠯᠭ᠎ᠠ᠂ ᠡᠭᠦᠷᠭᠡ᠂ ᠴᠠᠭ ᠤᠨ ᠬᠢᠵᠠᠭᠠᠷ ᠤᠨ ︽ᠭᠤᠷᠪᠠ ᠶᠢ ᠨᠠᠶᠢᠳᠠᠪᠤᠷᠢᠵᠢᠭᠤᠯᠬᠤ︾ ᠶᠢ ᠰᠠᠶᠢᠲᠤᠷ ᠠᠳᠬᠤᠵᠤ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠢ ᠬᠠᠷᠢᠯᠴᠠᠨ ᠨᠢᠭᠡᠳᠦᠭᠦᠯᠵᠦ᠂ 2029 ᠤᠨ ᠪᠣᠯᠬᠤ ᠳᠤ ᠨᠢᠭᠡ ᠵᠢᠯ ᠤᠷᠢᠳᠴᠢᠯᠠᠨ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠡᠭᠦᠷᠭᠡ ᠶᠢ ᠪᠡᠶᠡᠯᠡᠭᠦᠯᠬᠦ ᠪᠠᠷ ᠴᠢᠷᠮᠠᠶᠢᠵᠤ᠂ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠨ ᠤ ᠢᠯᠠᠯᠲᠠ ᠶᠢ ᠪᠦᠬᠦ ᠲᠠᠯ᠎ᠠ ᠪᠠᠷ ᠲᠡᠮᠡᠴᠡᠨ ᠣᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号