ᠰᠤᠷᠭᠠᠭᠤᠯᠢ ᠶᠢᠨ ᠴᠢᠨᠠᠷ ᠰᠠᠶᠢᠲᠠᠢ ᠬᠥᠭᠵᠢᠯᠲᠡ ᠳᠤ ᠤᠯᠠᠮ ᠨᠢᠭᠡ ᠠᠯᠬᠤᠮ ᠬᠦᠴᠦᠨ ᠨᠡᠮᠡᠷᠢᠯᠡᠵᠦ᠂ | ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠡᠩ ᠤᠨ ᠣᠳᠣᠬᠢ ᠪᠠᠶᠢᠳᠠᠯ᠂ ᠰᠢᠨ᠎ᠡ ᠬᠢᠴᠢᠶᠡᠯ ᠤᠨ ᠪᠠᠷᠢᠮᠵᠢᠶᠠᠲᠤ | ᠰᠤᠷᠭᠠᠭᠤᠯᠢ ᠶᠢᠨ ᠳᠡᠪᠲᠡᠷ ᠤᠨ ᠨᠠᠶᠢᠳᠠᠪᠤᠷᠢᠵᠢᠭᠤᠯᠤᠯᠲᠠ᠂ ᠰᠤᠷᠭᠠᠭᠤᠯᠢ ᠶᠢᠨ ᠭᠤᠣᠯ ᠵᠢᠭᠠᠨ ᠰᠤᠷᠭᠠᠯᠲᠠ ᠶᠢᠨ | ᠪᠣᠭᠤᠮᠢ ᠶᠢ ᠭᠦᠨᠵᠡᠭᠡᠢ ᠣᠶᠢᠯᠠᠭᠠᠬᠤ ᠶᠢᠨ ᠲᠥᠯᠥᠭᠡ᠂ 4 ᠰᠠᠷ᠎ᠠ ᠶᠢᠨ 8 ᠤ ᠡᠳᠦᠷ ᠠᠴᠠ 4 ᠰᠠᠷ᠎ᠠ ᠶᠢᠨ 10 ᠤ | ᠡᠳᠦᠷ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ | ᠬᠥᠭᠵᠢᠯᠲᠡ ᠶᠢᠨ ᠲᠥᠪ ᠤᠨ ᠮᠠᠨᠳᠤᠯ᠎ᠠ ᠡᠷᠬᠢᠯᠡᠭᠴᠢ ᠰᠤᠳᠤᠯᠤᠨ ᠪᠣᠯᠪᠠᠰᠤᠷᠠᠭᠤᠯᠤᠭᠴᠢ ᠶᠢ ᠳᠠᠭᠠᠭᠤᠯᠤᠨ | ᠪᠠᠶᠠᠨᠬᠤᠰᠢᠭᠤ ᠲᠠᠪᠤᠳᠤᠭᠠᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ︽ᠵᠠᠬᠢᠶᠠᠯᠠᠭ᠎ᠠ ᠶᠢᠨ ᠮᠠᠶ᠋ᠢᠭ︾ ᠤᠨ ᠵᠢᠭᠠᠨ | ᠰᠤᠷᠭᠠᠯᠲᠠ ᠶᠢᠨ ᠰᠤᠳᠤᠯᠭᠠᠨ ᠤ ᠵᠢᠯᠣᠭᠤᠳᠬᠤ ᠠᠵᠢᠯᠯᠠᠭ᠎ᠠ ᠥᠷᠨᠢᠭᠦᠯᠪᠡ᠃ ᠲᠤᠰ ᠤᠳᠠᠭᠠᠨ ᠤ ᠠᠵᠢᠯᠯᠠᠭ᠎ᠠ ᠨᠢ | ᠬᠢᠴᠢᠶᠡᠯ ᠤᠨ ᠲᠠᠩᠬᠢᠮ ᠳᠤ ᠭᠦᠨᠵᠡᠭᠡᠶᠢᠷᠡᠨ ᠬᠢᠴᠢᠶᠡᠯ ᠰᠣᠨᠣᠰᠬᠤ᠂ ︽ᠰᠤᠷᠤᠯᠴᠠᠯᠭ᠎ᠠ ᠬᠥᠮᠦᠵᠢᠯ ᠤᠨ | ᠦᠨᠡᠯᠡᠯᠲᠡ ᠶᠢᠨ ᠨᠢᠭᠡᠳᠦᠯᠲᠦ ᠴᠢᠨᠠᠷ︾ ᠭᠡᠬᠦ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠶᠢᠨ ᠪᠢᠴᠢᠯ | ᠲᠠᠶᠢᠯᠤᠮᠵᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠰᠢᠯᠭᠠᠯᠲᠠ ᠳᠤ ᠪᠡᠯᠡᠳᠬᠡᠬᠦ | ᠠᠷᠭ᠎ᠠ ᠪᠣᠳᠣᠯᠭ᠎ᠠ ᠶᠢᠨ ᠵᠢᠯᠣᠭᠤᠳᠣᠯᠭ᠎ᠠ᠂ ᠵᠢᠭᠠᠨ ᠰᠤᠷᠭᠠᠯᠲᠠ ᠶᠢᠨ ᠰᠤᠳᠤᠯᠤᠨ ᠶᠠᠷᠢᠯᠴᠠᠬᠤ ᠬᠤᠷᠠᠯ ᠵᠡᠷᠭᠡ | ᠭᠤᠭᠴᠤᠭ᠎ᠠ ᠪᠠᠷ ᠳᠠᠮᠵᠢᠭᠤᠯᠤᠨ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠣᠳᠣᠬᠢ ᠪᠠᠶᠢᠳᠠᠯ ᠳᠤ ᠨᠠᠷᠢᠨ | ᠣᠨᠣᠪᠴᠢᠲᠠᠢ ᠰᠤᠳᠠᠯ ᠪᠠᠷᠢᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ | ᠬᠢᠴᠢᠶᠡᠯ ᠤᠨ ᠲᠠᠩᠬᠢᠮ ᠪᠣᠯ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠭᠤᠣᠯ ᠵᠢᠭᠰᠠᠭᠠᠯ ᠤᠨ ᠭᠠᠵᠠᠷ | ᠮᠥᠨ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠰᠤᠳᠤᠯᠤᠨ ᠰᠤᠷᠭᠠᠭᠴᠢ ᠬᠢᠴᠢᠶᠡᠯ | ᠲᠥᠷᠥᠯ ᠬᠤᠪᠢᠶᠠᠨ ᠰᠤᠷᠤᠯᠭ᠎ᠠ ᠶᠢᠨ ᠪᠠᠶᠢᠳᠠᠯ ᠳᠤ ᠰᠠᠭᠤᠷᠢᠯᠠᠨ᠂ ᠬᠢᠴᠢᠶᠡᠯ ᠤᠨ ᠲᠠᠩᠬᠢᠮ ᠳᠤ ᠭᠦᠨᠵᠡᠭᠡᠶᠢᠷᠡᠵᠦ᠂ | ᠮᠠᠨ ᠤ ᠰᠤᠷᠭᠠᠭᠤᠯᠢ ᠶᠢᠨ ᠪᠠᠭᠰᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠠᠰᠠᠭᠤᠨ ᠯᠠᠪᠯᠠᠬᠤ ᠳᠤ | ᠰᠤᠳᠠᠯ ᠪᠠᠷᠢᠵᠤ᠂ ᠬᠡᠯᠡ ᠪᠢᠴᠢᠭ᠂ ᠲᠣᠭᠠᠨ ᠤ ᠤᠬᠠᠭᠠᠨ᠂ ᠠᠩᠭ᠍ᠯᠢ ᠬᠡᠯᠡ᠂ ᠲᠡᠦᠬᠡ᠂ ᠶᠣᠰᠣ ᠰᠤᠷᠲᠠᠬᠤᠨ ᠬᠢᠭᠡᠳ | ᠬᠠᠤᠯᠢ ᠪᠠᠷ ᠵᠠᠰᠠᠬᠤ᠂ ᠹᠢᠽᠢᠺ᠂ ᠬᠢᠮᠢ᠂ ᠠᠮᠢᠳᠤ ᠪᠣᠳᠠᠰ᠂ ᠭᠠᠵᠠᠷ ᠵᠦᠢ᠂ ᠪᠡᠶ᠎ᠡ ᠶᠢᠨ ᠲᠠᠮᠢᠷ᠂ ᠳᠠᠭᠤᠤ ᠬᠥᠭᠵᠢᠮ᠂ | ᠤᠷᠠᠨ ᠵᠢᠷᠤᠭ᠂ ᠬᠥᠳᠡᠯᠮᠦᠷᠢ ᠶᠢᠨ ᠮᠡᠷᠭᠡᠵᠢᠯ᠂ ᠰᠡᠳᠬᠢᠴᠡ ᠶᠢᠨ ᠡᠷᠡᠭᠦᠯ ᠮᠡᠨᠳᠦ᠂ ᠮᠡᠳᠡᠭᠡ ᠵᠠᠩᠭᠢ ᠶᠢᠨ | ᠮᠡᠷᠭᠡᠵᠢᠯ ᠳᠤ ᠨᠡᠶᠢᠲᠡ 15 ᠰᠢᠨᠵᠢᠯᠡᠭᠡᠨ ᠤ ᠰᠠᠯᠠᠭ᠎ᠠ ᠬᠤᠯᠪᠣᠭᠳᠠᠵᠠᠢ᠃ | ᠬᠢᠴᠢᠶᠡᠯᠯᠡᠭᠡ ᠳᠠᠭᠤᠰᠤᠭᠰᠠᠨ ᠤ ᠳᠠᠷᠠᠭ᠎ᠠ᠂ ᠰᠤᠳᠤᠯᠤᠨ ᠪᠣᠯᠪᠠᠰᠤᠷᠠᠭᠤᠯᠤᠭᠴᠢᠳ ᠬᠢᠴᠢᠶᠡᠯ ᠰᠣᠨᠣᠰᠴᠤ | ᠣᠯᠤᠭᠰᠠᠨ ᠣᠯᠤᠯᠲᠠ᠂ ᠰᠢᠨ᠎ᠡ ᠬᠢᠴᠢᠶᠡᠯ ᠤᠨ ᠬᠠᠷᠠᠯᠲᠠ ᠶᠢᠨ ᠵᠢᠯᠣᠭᠤᠳᠣᠯᠭ᠎ᠠ ᠵᠢᠴᠢ ᠰᠤᠷᠤᠯᠭ᠎ᠠ ᠶᠢᠨ ᠵᠢᠭᠠᠨ | ᠰᠤᠷᠭᠠᠯᠲᠠ ᠶᠢᠨ ᠦᠨᠡᠯᠡᠯᠲᠡ ᠶᠢᠨ ᠨᠢᠭᠡᠳᠦᠯᠲᠦ ᠴᠢᠨᠠᠷ ᠤᠨ ᠵᠠᠷᠴᠢᠮ ᠳᠤ ᠲᠦᠰᠢᠭᠯᠡᠨ᠂ ᠬᠢᠴᠢᠶᠡᠯᠯᠡᠬᠦ ᠪᠠᠭᠰᠢ ᠲᠠᠢ | ᠬᠢᠴᠢᠶᠡᠯ ᠲᠥᠷᠥᠯ ᠬᠤᠪᠢᠶᠠᠨ ᠭᠦᠨᠵᠡᠭᠡᠢ ᠰᠤᠳᠤᠯᠤᠨ ᠶᠠᠷᠢᠯᠴᠠᠪᠠ᠃ ᠲᠡᠳᠡ ᠬᠢᠴᠢᠶᠡᠯ ᠤᠨ ᠲᠠᠩᠬᠢᠮ ᠢ ᠬᠡᠷᠡᠭᠵᠢᠭᠦᠯᠬᠦ | ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠨᠢᠮᠪᠠᠢ ᠵᠠᠳᠠᠯᠤᠨ ᠰᠢᠨᠵᠢᠯᠡᠭᠰᠡᠨ ᠪᠥᠭᠡᠳ ᠪᠦᠲᠦᠭᠡᠯᠴᠢ | ᠴᠢᠨᠠᠷᠲᠠᠢ ᠦᠨᠡᠯᠡᠯᠲᠡ ᠳᠤᠷᠠᠳᠴᠠᠢ᠃ ᠰᠤᠳᠤᠯᠤᠨ ᠰᠤᠷᠭᠠᠭᠴᠢ ᠪᠠ ᠪᠠᠭᠰᠢ ᠨᠠᠷ ᠪᠠᠰᠠ ᠬᠤᠶᠠᠳᠤᠭᠠᠷ ᠡᠳᠦᠷ ᠤᠨ | ᠵᠢᠭᠠᠨ ᠰᠤᠷᠭᠠᠯᠲᠠ ᠶᠢᠨ ᠠᠵᠢᠯᠯᠠᠭ᠎ᠠ ᠳᠤ ᠴᠢᠭᠯᠡᠭᠦᠯᠦᠨ ᠬᠠᠮᠲᠤ ᠪᠠᠷ ᠬᠢᠴᠢᠶᠡᠯ ᠪᠡᠯᠡᠳᠬᠡᠵᠦ᠂ ᠪᠠᠭᠰᠢ ᠨᠢᠭᠡᠪᠦᠷᠢ | ᠴᠥᠮ ᠪᠣᠳᠠᠲᠠᠢ ᠪᠥᠭᠡᠳ ᠪᠦᠲᠦᠮᠵᠢᠲᠡᠢ ᠵᠢᠯᠣᠭᠤᠳᠣᠯᠭ᠎ᠠ ᠪᠠ ᠠᠷᠭ᠎ᠠ ᠪᠣᠳᠣᠯᠭ᠎ᠠ ᠣᠯᠬᠤ ᠶᠢ ᠪᠠᠲᠤᠯᠠᠵᠤ᠂ ᠡᠭᠦᠨ ᠤ | ᠤᠯᠠᠮ ᠠᠴᠠ ᠵᠢᠭᠠᠨ ᠰᠤᠷᠭᠠᠯᠲᠠ ᠶᠢᠨ ᠶᠠᠰᠤ ᠴᠢᠨᠠᠷ ᠢ ᠰᠢᠯᠢᠳᠡᠭᠵᠢᠭᠦᠯᠪᠡ᠃ |