︽ᠬᠤᠶᠠᠷ ᠢ ᠪᠠᠭᠠᠰᠬᠠᠬᠤ︾ ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠰᠤᠷᠤᠯᠴᠠᠯᠭ᠎ᠠ ᠶᠢᠨ ᠣᠷᠴᠢᠨ ᠲᠣᠭᠤᠷᠢᠨ ᠢ ᠦᠷᠭᠦᠯᠵᠢᠯᠡᠨ | ᠰᠢᠯᠢᠳᠡᠭᠵᠢᠭᠦᠯᠬᠦ ᠶᠢᠨ ᠲᠥᠯᠥᠭᠡ᠂ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠯ ᠤᠨ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ | ᠱᠠᠭᠠᠷᠳᠠᠯᠭ᠎ᠠ ᠶᠣᠰᠣᠭᠠᠷ᠂ ᠪᠦᠬᠦ ᠬᠤᠰᠢᠭᠤᠨ ᠤ ᠰᠢᠨᠵᠢᠯᠡᠭᠡᠨ ᠤ ᠪᠤᠰᠤ ᠲᠥᠷᠥᠯ ᠤᠨ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠯ ᠤᠨ ᠪᠠᠶᠢᠭᠤᠯᠤᠮᠵᠢ ᠶᠢᠨ ᠪᠣᠯᠪᠠᠰᠤᠷᠠᠯ ᠤᠨ ᠮᠠᠲ᠋ᠧᠷᠢᠶᠠᠯ ᠤᠨ ᠵᠢᠷᠤᠮᠵᠢᠭᠰᠠᠨ ᠬᠠᠮᠢᠶᠠᠷᠤᠯᠲᠠ ᠶᠢ | ᠠᠬᠢᠭᠤᠯᠤᠨ᠎ᠠ᠃ 4 ᠰᠠᠷ᠎ᠠ ᠶᠢᠨ 11 ᠤ ᠡᠳᠦᠷ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ | ᠪᠣᠯᠪᠠᠰᠤᠷᠠᠯ ᠤᠨ ᠮᠠᠲ᠋ᠧᠷᠢᠶᠠᠯ ᠢ ᠬᠢᠨᠠᠨ ᠬᠠᠷᠭᠤᠭᠤᠯᠬᠤ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠪᠦᠷᠢᠯᠳᠦᠬᠦᠨ ᠢ | ᠵᠣᠬᠢᠶᠠᠨ ᠪᠠᠶᠢᠭᠤᠯᠵᠤ᠂ ᠡᠵᠡᠩᠨᠡᠵᠦ ᠪᠠᠶᠢᠭ᠎ᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ | 24 ᠪᠣᠯᠪᠠᠰᠤᠷᠠᠯ ᠤᠨ ᠮᠠᠲ᠋ᠧᠷᠢᠶᠠᠯ ᠢ ᠪᠦᠬᠦ ᠲᠠᠯ᠎ᠠ ᠪᠠᠷ ᠬᠢᠨᠠᠨ ᠬᠠᠷᠭᠤᠭᠤᠯᠪᠠ᠃ | ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠪᠦᠷᠢᠯᠳᠦᠬᠦᠨ ᠦᠵᠡᠯ ᠰᠠᠨᠠᠭᠠᠴᠢ ᠴᠢᠨᠠᠷ᠂ ᠰᠢᠨᠵᠢᠯᠡᠬᠦ ᠤᠬᠠᠭᠠᠨᠴᠢ | ᠴᠢᠨᠠᠷ᠂ ᠵᠣᠬᠢᠴᠠᠬᠤ ᠴᠢᠨᠠᠷ ᠵᠡᠷᠭᠡ ᠱᠠᠭᠠᠷᠳᠠᠯᠭ᠎ᠠ ᠶᠣᠰᠣᠭᠠᠷ᠂ ᠵᠢᠭᠠᠬᠤ ᠮᠠᠲ᠋ᠧᠷᠢᠶᠠᠯ ᠤᠨ ᠠᠭᠤᠯᠭ᠎ᠠ᠂ ᠬᠡᠪᠯᠡᠯ ᠤᠨ | ᠬᠤᠷᠢ᠊ ᠡᠶ᠎ᠡ᠂ ᠵᠢᠭᠢᠷᠢᠭ ᠵᠢᠷᠤᠭ ᠵᠡᠷᠭᠡ ᠲᠠᠯ᠎ᠠ ᠪᠠᠷ 56 ᠪᠣᠯᠪᠠᠰᠤᠷᠠᠯ ᠤᠨ ᠮᠠᠲ᠋ᠧᠷᠢᠶᠠᠯ ᠢ ᠴᠢᠩᠭ᠎ᠠ ᠬᠢᠨᠠᠨ ᠪᠠᠶᠢᠴᠠᠭᠠᠵᠤ | ᠂ ᠪᠠᠶᠢᠴᠠᠭᠠᠬᠤ ᠳᠤᠮᠳᠠ 2 ᠪᠣᠯᠪᠠᠰᠤᠷᠠᠯ ᠤᠨ ᠪᠠᠶᠢᠭᠤᠯᠤᠮᠵᠢ ᠶᠢᠨ ᠥᠪᠡᠰᠦᠪᠡᠨ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠳᠠᠬᠢᠨ ᠬᠡᠪᠯᠡᠭᠦᠯᠬᠦ ᠪᠥᠭᠡᠳ ᠲᠡᠭᠦᠯᠳᠡᠷᠵᠢᠭᠦᠯᠬᠦ ᠴᠢᠬᠤᠯᠠᠲᠠᠢ ᠪᠠᠶᠢᠬᠤ ᠶᠢ ᠣᠯᠵᠤ ᠮᠡᠳᠡᠪᠡᠯ᠂ | ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠰᠠᠨᠠᠯ ᠢ ᠴᠠᠭ | ᠲᠤᠬᠠᠢ ᠳᠤᠨᠢ ᠬᠢᠨᠠᠨ ᠬᠠᠷᠭᠤᠭᠤᠯᠬᠤ ᠠᠵᠢᠯ ᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠳᠤ | ᠬᠠᠮᠲᠤ ᠳᠤᠨᠢ ᠬᠠᠷᠢᠭᠤ ᠲᠤᠰᠬᠠᠬᠤ ᠶᠢᠨ ᠬᠠᠮᠲᠤ ᠬᠠᠮᠢᠶ᠎ᠠ ᠪᠦᠬᠦᠢ ᠪᠣᠯᠪᠠᠰᠤᠷᠠᠯ ᠤᠨ ᠪᠠᠶᠢᠭᠤᠯᠤᠮᠵᠢ ᠶᠢ ᠰᠢᠮᠳᠠᠭᠤᠯᠵᠤ | ᠪᠠᠶᠢᠭᠠᠳ ᠱᠠᠭᠠᠷᠳᠠᠯᠭ᠎ᠠ ᠶᠣᠰᠣᠭᠠᠷ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠵᠤ᠂ ᠬᠢᠨᠠᠨ | ᠬᠠᠷᠭᠤᠭᠤᠯᠤᠭᠰᠠᠨ ᠦᠷ᠎ᠡ ᠳ᠋ᠦᠩ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ | ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠪᠣᠯᠪᠠᠰᠤᠷᠠᠭᠤᠯᠤᠯ ᠤᠨ ᠮᠠᠲ᠋ᠧᠷᠢᠶᠠᠯ ᠤᠨ ᠪᠠᠶᠢᠩᠭᠤ ᠶᠢᠨ | ᠪᠠᠶᠢᠴᠠᠭᠠᠯᠲᠠ ᠶᠢ ᠴᠢᠩᠭᠠᠳᠬᠠᠵᠤ᠂ ᠪᠣᠯᠪᠠᠰᠤᠷᠠᠭᠤᠯᠤᠯ ᠤᠨ ᠮᠠᠲ᠋ᠧᠷᠢᠶᠠᠯ ᠤᠨ ᠵᠥᠪ ᠣᠨᠣᠪᠴᠢᠲᠠᠢ ᠤᠯᠤᠰ | ᠲᠥᠷᠥ ᠶᠢᠨ ᠴᠢᠭᠯᠡᠯ ᠪᠠ ᠥᠷᠲᠡᠭ ᠤᠨ ᠤᠳᠤᠷᠢᠳᠤᠮᠵᠢ ᠶᠢ ᠦᠨᠡᠨ ᠬᠦ ᠪᠠᠲᠤᠯᠠᠵᠤ᠂ ᠣᠯᠠᠨ ᠳᠡᠰ ᠳᠠᠪᠬᠤᠷᠭ᠎ᠠ ᠶᠢᠨ᠂ | ᠣᠯᠠᠨ ᠶᠠᠩᠵᠤ ᠶᠢᠨ ᠰᠤᠷᠤᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠡᠭᠦᠨ ᠤ ᠬᠠᠮᠲᠤ᠂ | ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ | ᠦᠷᠭᠦᠯᠵᠢᠯᠡᠨ ᠴᠢᠩᠭᠠᠳᠬᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠦᠢᠯᠡ ᠠᠵᠢᠯᠯᠠᠭ᠎ᠠ ᠶᠢ ᠦᠨᠡᠨ ᠬᠦ | ᠵᠢᠷᠤᠮᠵᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠡᠷᠡᠭᠦᠯ᠂ ᠡᠮᠬᠢ ᠵᠢᠷᠤᠮ ᠲᠠᠢ᠂ | ᠵᠢᠷᠤᠮᠵᠢᠯ ᠲᠠᠢ ᠰᠤᠷᠭᠠᠭᠤᠯᠢ ᠡᠷᠬᠢᠯᠡᠬᠦ ᠶᠢ ᠬᠦᠴᠦᠯᠡᠨ ᠠᠬᠢᠭᠤᠯᠤᠨ᠎ᠠ᠃ |