ᠡᠨᠡ ᠵᠢᠯ ᠤᠨ 4 ᠰᠠᠷ᠎ᠠ ᠶᠢᠨ 15 ᠤ ᠡᠳᠦᠷ ᠪᠣᠯ ᠶᠢᠰᠦᠳᠦᠭᠡᠷ ᠪᠦᠬᠦ ᠠᠷᠠᠳ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠤᠨ ᠡᠳᠦᠷ ᠪᠣᠯᠤᠨ᠎ᠠ᠃ ᠰᠤᠷᠭᠠᠭᠤᠯᠢ ᠪᠣᠯ ᠤᠯᠤᠰ ᠤᠨ ᠠᠮᠤᠷ ᠲᠦᠪᠰᠢᠨ ᠤ ᠤᠬᠠᠭᠤᠯᠭ᠎ᠠ | ᠬᠥᠮᠦᠵᠢᠯ ᠤᠨ ᠴᠢᠬᠤᠯᠠ ᠵᠢᠭᠰᠠᠭᠠᠯ ᠤᠨ ᠭᠠᠵᠠᠷ ᠮᠥᠨ᠂ ᠰᠤᠷᠤᠭᠴᠢᠳ ᠪᠣᠯ ᠤᠯᠤᠰ ᠤᠨ ᠠᠮᠤᠷ ᠲᠦᠪᠰᠢᠨ ᠤ | ᠤᠬᠠᠭᠤᠯᠭ᠎ᠠ ᠬᠥᠮᠦᠵᠢᠯ ᠤᠨ ᠵᠠᠩᠭᠢᠯᠠᠭ᠎ᠠ ᠶᠢᠨ ᠬᠠᠮᠲᠤᠯᠢᠭ ᠮᠥᠨ᠃ ᠪᠦᠬᠦ ᠬᠤᠰᠢᠭᠤᠨ ᠤ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠦᠨᠡᠨ ᠬᠦ ᠴᠢᠩᠭᠠᠳᠬᠠᠵᠤ᠂ | ᠤᠯᠤᠰ ᠤᠨ ᠠᠮᠤᠷ ᠲᠦᠪᠰᠢᠨ ᠤ ᠬᠥᠮᠦᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽2024 ᠣᠨ ᠤ ᠪᠦᠬᠦ ᠠᠷᠠᠳ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠢ ᠮᠡᠳᠡᠭᠳᠡᠯ︾ | ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠪᠦᠬᠦ ᠬᠤᠰᠢᠭᠤᠨ ᠤ ᠡᠯ᠎ᠡ ᠰᠤᠷᠭᠠᠭᠤᠯᠢ ᠶᠢ ᠵᠣᠬᠢᠶᠠᠨ | ᠪᠠᠶᠢᠭᠤᠯᠵᠤ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ · ᠰᠢᠨ᠎ᠡ ᠶᠢ ᠡᠭᠦᠳᠬᠦ ᠪᠠᠷ 10 ᠵᠢᠯ ᠤᠨ | ᠣᠢ ᠶᠢ ᠬᠥᠲᠥᠯᠥᠨ ᠳᠠᠭᠠᠭᠤᠯᠬᠤ︾ ᠪᠠᠷ ᠭᠤᠣᠯ ᠰᠡᠳᠦᠪ ᠪᠣᠯᠭᠠᠵᠤ᠂ ᠡᠯᠪᠡᠭ ᠪᠠᠶᠠᠯᠢᠭ ᠤᠯᠤᠰ ᠤᠨ ᠠᠮᠤᠷ | ᠲᠦᠪᠰᠢᠨ ᠤ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠤᠯᠤᠰ ᠤᠨ ᠠᠮᠤᠷ ᠲᠦᠪᠰᠢᠨ ᠢ ᠬᠠᠯᠠᠮᠵᠢᠯᠠᠬᠤ᠂ | ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢ ᠪᠠᠭᠰᠢ ᠰᠤᠷᠤᠭᠴᠢᠳ ᠤᠨ ᠦᠵᠡᠯ ᠰᠠᠨᠠᠭᠠᠨ ᠤ ᠬᠠᠮᠲᠤ ᠶᠢᠨ | ᠲᠠᠨᠢᠯᠲᠠ ᠪᠠ ᠠᠵᠢᠯᠯᠠᠭᠠᠨ ᠤ ᠤᠬᠠᠮᠰᠠᠷ ᠪᠣᠯᠭᠠᠪᠠ᠃ | ᠠᠵᠢᠯᠯᠠᠭ᠎ᠠ ᠶᠢᠨ ᠬᠤᠭᠤᠴᠠᠭᠠᠨ ᠳᠤ᠂ ᠪᠦᠬᠦ ᠬᠤᠰᠢᠭᠤᠨ ᠤ ᠡᠯ᠎ᠡ ᠰᠤᠷᠭᠠᠭᠤᠯᠢ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠨᠠᠷᠢᠨ ᠨᠢᠮᠪᠠᠢ ᠪᠡᠯᠡᠳᠬᠡᠵᠦ᠂ ᠨᠠᠷᠢᠨ ᠨᠢᠮᠪᠠᠢ ᠲᠣᠬᠢᠷᠠᠭᠤᠯᠤᠨ᠂ ᠲᠤᠭ ᠮᠠᠨᠳᠤᠭᠤᠯᠬᠤ ᠶᠣᠰᠣᠯᠠᠯ | ᠶᠠᠪᠤᠭᠤᠯᠬᠤ᠂ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠹᠢᠯᠢᠮ ᠢ ᠦᠵᠡᠬᠦ᠂ ᠭᠤᠣᠯ ᠰᠡᠳᠦᠪᠲᠦ ᠠᠩᠭᠢ ᠶᠢᠨ | ᠬᠤᠷᠠᠯ ᠬᠢᠬᠦ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠮᠡᠳᠡᠯᠭᠡ ᠶᠢᠨ ᠤᠷᠤᠯᠳᠤᠭᠠᠨ ᠢ ᠵᠣᠬᠢᠶᠠᠨ | ᠪᠠᠶᠢᠭᠤᠯᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠪᠠᠶᠠᠯᠢᠭ ᠰᠠᠶᠢᠬᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ | ᠂ ᠪᠦᠬᠦ ᠠᠷᠠᠳ ᠢᠶᠠᠷ ᠢᠶᠠᠨ ᠤᠯᠤᠰ ᠤᠨ ᠠᠮᠤᠷ ᠲᠦᠪᠰᠢᠨ ᠤ ᠬᠠᠯᠬᠠᠪᠴᠢ ᠶᠢ ᠬᠠᠮᠲᠤ ᠪᠠᠷ ᠴᠣᠭᠴᠠᠯᠠᠬᠤ ᠭᠦᠨ | ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠢ ᠪᠣᠯᠭᠠᠪᠠ᠃ | ᠲᠠᠯ᠎ᠠ ᠬᠡᠦᠬᠡᠳ ᠤᠨ ᠴᠡᠴᠡᠷᠯᠢᠭ᠂ ᠪᠠᠶᠠᠨᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ᠂ ᠪᠠᠶᠠᠨᠬᠤᠰᠢᠭᠤ | ᠵᠢᠷᠭᠤᠳᠤᠭᠠᠷ ᠳᠤᠮᠳᠠᠳᠤ ᠰᠤᠷᠭᠠᠭᠤᠯᠢ ︽ᠭᠠᠯ ᠢ ᠰᠡᠷᠭᠡᠶᠢᠯᠡᠬᠦ ᠪᠠᠴᠢᠮ ᠲᠠᠷᠬᠠᠭᠠᠬᠤ ᠰᠣᠷᠢᠯᠲᠠ︾ ᠶᠢ ᠥᠷᠨᠢᠭᠦᠯᠵᠦ᠂ | ᠪᠠᠭᠰᠢ ᠰᠤᠷᠤᠭᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠵᠢᠴᠢ ᠥᠪᠡᠷ ᠢ ᠪᠠᠨ ᠠᠪᠤᠷᠠᠬᠤ | ᠬᠠᠷᠢᠯᠴᠠᠨ ᠠᠪᠤᠷᠠᠬᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠪᠡ᠃ ᠪᠠᠶᠠᠨᠬᠤᠰᠢᠭᠤ ᠭᠤᠷᠪᠠᠳᠤᠭᠠᠷ ᠳᠤᠮᠳᠠᠳᠤ | ᠰᠤᠷᠭᠠᠭᠤᠯᠢ᠂ ᠪᠠᠶᠠᠨᠬᠤᠰᠢᠭᠤ ᠲᠠᠪᠤᠳᠤᠭᠠᠷ ᠪᠠᠭ᠎ᠠ ᠰᠤᠷᠭᠠᠭᠤᠯᠢ᠂ ᠳᠥᠷᠥᠯᠵᠢ ᠭᠤᠣᠯ ᠰᠤᠷᠭᠠᠭᠤᠯᠢ ᠬᠠᠤᠯᠢ ᠪᠠᠷ | ᠵᠠᠰᠠᠬᠤ ᠳᠡᠳ᠋ ᠵᠠᠬᠢᠷᠤᠯ ᠢ ᠤᠷᠢᠵᠤ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠬᠦ᠂ ᠰᠦᠯᠵᠢᠶᠡᠨ ᠤ ᠰᠢᠨᠤᠬᠠᠶᠢᠷᠠᠯ ᠢ | ᠰᠡᠷᠭᠡᠶᠢᠯᠡᠬᠦ᠂ ᠬᠤᠣᠷ ᠰᠡᠷᠭᠡᠶᠢᠯᠡᠬᠦ ᠡᠳ᠋ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ | ᠬᠢᠯᠭᠡᠪᠡ᠃ ᠪᠠᠶᠠᠨᠬᠤᠰᠢᠭᠤ ᠬᠤᠶᠠᠳᠤᠭᠠᠷ ᠳᠤᠮᠳᠠᠳᠤ ᠰᠤᠷᠭᠠᠭᠤᠯᠢ᠂ ᠭᠤᠣᠯ ᠤᠨ ᠪᠠᠶᠢᠰᠢᠩ ᠪᠠᠭ᠎ᠠ ᠰᠤᠷᠭᠠᠭᠤᠯᠢ᠂ | ᠰᠢᠨ ᠵᠢᠶᠠ ᠮᠦ ᠭᠤᠣᠯ ᠰᠤᠷᠭᠠᠭᠤᠯᠢ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠵᠤ ︽ᠰᠦᠷᠳᠡᠭᠦᠯᠦᠯ ᠢ | ᠡᠰᠡᠷᠭᠦᠴᠡᠵᠦ ᠬᠦᠴᠦᠷᠬᠡᠭᠯᠡᠯ ᠢ ᠰᠡᠷᠭᠡᠶᠢᠯᠡᠬᠦ ᠰᠣᠷᠢᠯᠲᠠ︾ ᠶᠢ ᠥᠷᠨᠢᠭᠦᠯᠵᠦ᠂ ᠥᠪᠡᠷ ᠢ ᠪᠠᠨ ᠬᠠᠮᠠᠭᠠᠯᠠᠬᠤ | ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠣᠯᠵᠤ ᠮᠡᠳᠡᠬᠦ᠂ ᠢᠯᠭᠠᠨ ᠲᠠᠨᠢᠵᠤ ᠳᠡᠶᠢᠯᠬᠦ᠂ | ᠠᠶᠤᠯ ᠠᠴᠠ ᠵᠠᠶᠢᠯᠠᠵᠤ ᠳᠡᠶᠢᠯᠬᠦ᠂ ᠥᠪᠡᠷ ᠢ ᠪᠠᠨ ᠠᠪᠤᠷᠠᠬᠤ ᠶᠢ ᠪᠡᠶᠡᠯᠡᠭᠦᠯᠪᠡ᠃ ᠲᠤᠰ ᠤᠳᠠᠭᠠᠨ ᠤ ᠠᠵᠢᠯᠯᠠᠭ᠎ᠠ ᠳᠤ | 28000 ᠭᠠᠷᠤᠢ ᠪᠠᠭᠰᠢ ᠰᠤᠷᠤᠭᠴᠢᠳ ᠲᠤ ᠠᠰᠢᠭ ᠬᠦᠷᠲᠡᠭᠡᠪᠡ᠃ |