4 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠵᠢᠩ ᠤᠣ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠢᠨ ᠪᠦᠦ ᠹᠠᠩ ᠲᠠᠢ ᠠᠭᠤᠯᠵᠠᠪᠠ᠃ | ᠰᠦᠨ ᠱᠤᠤ ᠴᠧᠩ ᠶᠢᠨ ᠪᠦᠦ ᠹᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ | ᠲᠦᠷᠦᠭᠦᠬᠡᠨ ᠥᠪᠡᠷᠲᠡᠭᠡᠨ ᠵᠠᠰᠠᠬᠤ ᠣᠷᠣᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ | ᠦᠢᠯᠡᠴᠢᠯᠡᠭᠡᠨ ᠤ ᠲᠣᠪᠴᠢᠶ᠎ᠠ ᠪᠣᠯᠣᠨ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠨᠠᠮ ᠤᠨ ᠬᠤᠷᠢᠶ᠎ᠠ ᠶᠢ ᠲᠤᠰᠬᠠᠶᠢᠯᠠᠨ ᠪᠠᠶᠢᠭᠤᠯᠤᠭᠰᠠᠨ ᠨᠢ ᠭᠤᠣᠯᠳᠠᠭᠤ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠲᠠᠢ ᠨᠠᠩ ᠰᠠᠶᠢᠲᠤᠷ ᠬᠠᠷᠢᠯᠴᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠳᠤ ᠦᠢᠯᠡᠴᠢᠯᠡᠬᠦ ᠶᠢᠨ | ᠲᠥᠯᠥᠭᠡ ᠶᠤᠮ᠂ ᠨᠡᠷᠡᠰ ᠲᠤ ᠵᠢᠭᠰᠠᠭᠠᠭᠳᠠᠭᠰᠠᠨ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠨᠢ ᠣᠷᠣᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠲᠠᠢ ᠠᠳᠠᠯᠢᠬᠠᠨ ᠬᠠᠷᠠᠭᠠᠯᠵᠠᠯ | ᠭᠦᠷᠳᠡᠨ᠎ᠡ᠃ ᠵᠢᠩ ᠤᠣ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠦᠷᠭᠦᠯᠵᠢᠯᠡᠨ ᠥᠪᠥᠷ | ᠮᠣᠩᠭᠤᠯ ᠳᠤ ᠭᠦᠨᠵᠡᠭᠡᠶᠢᠷᠡᠵᠦ᠂ ᠬᠤᠶᠠᠷ ᠲᠠᠯ᠎ᠠ ᠪᠠᠷ ᠢᠶᠠᠨ ᠲᠤᠰᠬᠠᠢ ᠠᠵᠢᠯᠲᠠᠨ ᠲᠣᠮᠢᠯᠠᠨ ᠵᠣᠯᠭᠠᠯᠴᠠᠭ᠎ᠠ ᠪᠠᠨ | ᠴᠢᠩᠭᠠᠳᠬᠠᠵᠤ᠂ ᠬᠠᠮᠲᠤᠷᠠᠯᠴᠠᠭᠠᠨ ᠤ ᠵᠦᠢᠯᠡᠰ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠬᠠᠮᠲᠤ ᠪᠠᠷ | ᠠᠬᠢᠭᠤᠯᠬᠤ ᠶᠢ ᠬᠦᠰᠡᠵᠦ ᠪᠠᠶᠢᠨ᠎ᠠ᠃ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠦᠢᠯᠡᠴᠢᠯᠡᠬᠦ ᠤᠬᠠᠮᠰᠠᠷ ᠢᠶᠠᠨ | ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠰᠠᠨᠠᠭᠠᠴᠢᠯᠠᠭ᠎ᠠ ᠠᠴᠠ ᠪᠠᠨ ᠬᠠᠪᠰᠤᠷᠤᠨ | ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ | ᠶᠠᠪᠤᠴᠠ ᠳᠤ ᠠᠵᠤ ᠠᠬᠤᠶᠢᠯᠠᠯ ᠳᠤ ᠬᠢᠭᠰᠡᠨ ᠠᠮᠠᠯᠠᠯᠲᠠ ᠪᠠᠨ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠡᠢ᠃ | ᠶᠢᠨ ᠪᠦᠦ ᠹᠠᠩ ᠵᠢᠩ ᠤᠣ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠶᠢᠨ ᠠᠵᠤ ᠠᠬᠤᠶᠢᠯᠠᠯ ᠤᠨ | ᠬᠥᠭᠵᠢᠯᠲᠡ ᠶᠢᠨ ᠥᠩᠭᠡᠷᠡᠯᠲᠡ ᠪᠣᠯᠣᠨ ᠥᠪᠥᠷ ᠮᠣᠩᠭᠤᠯ ᠳᠠᠬᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ᠂ ᠵᠢᠩ ᠤᠣ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠺᠤᠮᠫᠠᠨᠢ ᠶᠢᠨ ᠬᠢᠨ ᠥᠪᠥᠷ ᠮᠣᠩᠭᠤᠯ ᠳᠠᠬᠢ ᠪᠡᠯᠡ ᠣᠷᠣᠭᠤᠯᠤᠯᠲᠠ ᠪᠠ ᠬᠥᠭᠵᠢᠯᠲᠡ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠬᠡᠯᠬᠢᠶ᠎ᠡ ᠶᠢᠨ ᠭᠤᠣᠯ ᠠᠵᠤ ᠠᠬᠤᠶᠢᠯᠠᠯ ᠤᠨ ᠳᠠᠪᠠᠭᠤᠯᠢᠭ ᠢᠶᠠᠨ | ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠯᠤᠭ᠎ᠠ ᠭᠡᠷᠡᠯᠴᠢ ᠴᠡᠨᠡᠭ ᠤᠨ ᠦᠢᠯᠡᠳᠬᠡᠯ ᠪᠠ ᠬᠡᠷᠡᠭᠯᠡᠭᠡ ᠵᠡᠷᠭᠡ | ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠡᠯᠡ ᠨᠡᠶᠢᠯᠡᠭᠦᠯᠦᠭᠰᠡᠨ ᠠᠵᠤ | ᠠᠬᠤᠶᠢᠯᠠᠯ ᠢ ᠰᠠᠶᠢᠲᠤᠷ ᠡᠷᠭᠢᠯᠡᠵᠦ᠂ ᠪᠡᠯᠡ ᠣᠷᠣᠭᠤᠯᠤᠭᠰᠠᠨ ᠲᠥᠷᠥᠯ ᠵᠦᠢᠯ ᠢ ᠰᠠᠶᠢᠲᠤᠷ ᠪᠦᠲᠦᠭᠡᠨ | ᠪᠠᠶᠢᠭᠤᠯᠬᠤ ᠪᠠᠷ ᠴᠢᠷᠮᠠᠶᠢᠵᠤ᠂ ᠥᠪᠥᠷ ᠮᠣᠩᠭᠤᠯ ᠤᠨ ᠠᠵᠤ ᠠᠬᠤᠢ ᠶᠢᠨ ᠬᠥᠭᠵᠢᠯᠲᠡ ᠳᠤ ᠨᠠᠩ ᠶᠡᠭᠡ ᠬᠤᠪᠢ | ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ | ᠳᠠᠷᠤᠭ᠎ᠠ ᠢᠦᠢ ᠯᠢ ᠰᠢᠨ ᠣᠷᠣᠯᠴᠠᠵᠠᠢ᠃ | |