ᠮᠠᠨ ᠤ ᠤᠷᠤᠨ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2024/4/16
   ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠠᠷᠠᠳ ᠤᠨ ᠲᠥᠯᠥᠭᠡ ᠬᠢᠨᠠᠨ ᠬᠠᠮᠢᠶᠠᠷᠬᠤ ᠤᠶᠢᠯᠠᠭᠠᠭᠳᠠᠬᠤᠨ ᠢ ᠬᠢᠨᠠᠮᠠᠭᠠᠶ ᠦᠢᠯᠡᠳᠦᠯᠭᠡᠵᠢᠭᠦᠯᠵᠦ᠂ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢᠨ ᠵᠠᠰᠠᠯᠲᠠ ᠶᠢ ᠴᠢᠩᠭᠠᠳᠬᠠᠨ᠂ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠬᠦᠯᠵᠦ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠥᠬᠦ ᠬᠦᠴᠦᠨ ᠢᠶᠠᠷ ᠢᠶᠠᠨ ᠪᠠᠲᠤ ᠰᠠᠬᠢᠵᠤ ᠪᠠᠶᠢᠨ᠎ᠠ᠃   ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠰᠢᠲᠠᠮᠠᠬᠠᠶ ᠬᠡᠶ ᠶᠢᠨ ᠬᠡᠷᠡᠭᠰᠡᠯ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ ᠬᠤᠸᠠᠷ ᠫᠤᠤᠵᠢᠩ᠂ ᠭᠠᠯ ᠤᠨᠲᠠᠷᠠᠭᠠᠬᠤ ᠦᠢᠯᠡᠳᠬᠦᠨ᠂ ᠠᠶᠤᠯᠲᠠᠶ ᠬᠢᠮᠢ ᠶᠢᠨ ᠪᠤᠳᠠᠰ᠂ ᠳᠡᠯᠪᠡᠷᠡᠬᠦ ᠶᠢ ᠰᠡᠷᠭᠡᠶᠢᠯᠡᠬᠦ ᠴᠠᠬᠢᠯᠭᠠᠨ ᠬᠡᠷᠡᠭᠰᠡᠯ᠂ ᠴᠠᠬᠢᠯᠭᠠᠨ ᠤᠲᠠᠰᠤ ᠵᠡᠷᠭᠡ ᠶᠢ ᠭᠤᠤᠯᠳᠠᠯᠭ᠎ᠠ ᠲᠠᠢ ᠦᠢᠯᠡᠳᠬᠦᠨ ᠤ ᠬᠡᠪᠴᠢᠶᠡᠨ ᠳᠤ ᠣᠷᠣᠭᠤᠯᠵᠤ᠂ ᠦᠢᠯᠡᠳᠪᠦᠷᠢᠯᠡᠵᠦ ᠪᠣᠷᠣᠯᠠᠭᠤᠯᠬᠤ ᠨᠢᠭᠡᠴᠢ ᠲᠥᠪᠯᠡᠷᠡᠭᠰᠡᠨ ᠭᠠᠵᠠᠷ᠂ ᠶᠠᠰᠤ ᠴᠢᠨᠠᠷ ᠤᠨ ᠠᠮᠤᠷ ᠲᠦᠪᠰᠢᠨ ᠤ ᠠᠰᠠᠭᠤᠳᠠᠯ ᠠᠮᠠᠷᠬᠠᠨ ᠮᠦᠷᠳᠡᠭᠡᠨ ᠣᠯᠠᠨ ᠡᠭᠦᠰᠭᠦ ᠭᠠᠵᠠᠷ᠂ ᠬᠤᠲᠠ ᠬᠥᠳᠡᠭᠡ ᠶᠢᠨ ᠠᠭᠤᠯᠵᠠᠷ ᠬᠡᠰᠡᠭ ᠪᠠ ᠬᠥᠳᠡᠭᠡ ᠲᠣᠰᠬᠤᠨ ᠤ ᠪᠣᠷᠣᠯᠠᠭᠤᠯᠭ᠎ᠠ ᠶᠢᠨ ᠳᠡᠯᠭᠡᠭᠦᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠰᠤ ᠴᠢᠨᠠᠷ ᠤᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠡᠢ᠃ ᠲᠦᠷᠦᠭᠦᠦ ᠤᠯᠠᠷᠢᠯ ᠳᠤ ᠪᠥᠬᠦ ᠣᠷᠣᠨ ᠳᠤ 11390 ᠦᠢᠯᠡᠳᠪᠦᠷᠢᠯᠡᠯ ᠪᠣᠷᠣᠯᠠᠭᠤᠯᠭ᠎ᠠ ᠶᠢᠨ ᠨᠢᠭᠡᠴᠢ ᠶᠢ ᠪᠠᠶᠢᠴᠠᠭᠠᠵᠤ᠂ ᠠᠳᠠᠯᠢ ᠬᠤᠭᠤᠴᠠᠭᠠᠨ ᠤ ᠬᠢ ᠠᠴᠠ 93% ᠪᠠᠷ ᠨᠡᠮᠡᠭᠳᠡᠵᠦ᠂ ᠠᠰᠠᠭᠤᠳᠠᠯ ᠲᠠᠢ ᠦᠢᠯᠡᠳᠬᠦᠨ ᠢ 174 ᠢᠯᠡᠷᠡᠭᠦᠯᠵᠦ᠂ 7 ᠵᠦᠢᠯ ᠢ ᠬᠡᠷᠡᠭ ᠪᠣᠯᠭᠠᠨ ᠳᠡᠩᠰᠡᠯᠡᠵᠦ᠂ 23 ᠬᠥᠮᠦᠨ ᠲᠠᠢ ᠪᠣᠯᠵᠣᠨ ᠶᠠᠷᠢᠯᠴᠠᠵᠤ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ 12 ᠭᠡᠷᠡᠭ ᠢ ᠰᠢᠯᠵᠢᠭᠦᠯᠦᠨ ᠲᠤᠰᠢᠶᠠᠪᠠ᠃   ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠵᠦ ᠪᠣᠷᠣᠯᠠᠭᠤᠯᠬᠤ ᠨᠢᠭᠡᠴᠢ ᠢᠢᠨ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ ︵ᠶᠡᠷᠦᠩᠬᠡᠶ ᠲᠣᠪᠴᠢᠶ᠎ᠠ ᠶᠢᠨ 75᠂ 76 ᠳ᠋ᠤᠭᠠᠷ ᠲᠣᠭᠠᠲᠤ ᠵᠠᠷᠯᠢᠭ︶ ᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠭᠤᠤᠯᠳᠠᠯᠭ᠎ᠠ ᠲᠠᠢ ᠦᠢᠯᠡᠳᠬᠦᠨ ᠤ ᠬᠦᠷᠢᠶ᠎ᠡ ᠴᠠᠷᠠᠭ᠎ᠠ ᠳᠤ ᠶᠠᠰᠤ ᠴᠢᠨᠠᠷ ᠤᠨ ᠠᠮᠤᠷ ᠲᠦᠪᠰᠢᠨ ᠤ ︽ᠡᠳᠦᠷ ᠢᠶᠠᠷ ᠬᠠᠮᠢᠶᠠᠷᠤᠨ ᠡᠵᠡᠮᠳᠡᠬᠦ᠂ ᠭᠠᠷᠠᠭ ᠢᠶᠠᠷ ᠵᠢᠭᠰᠠᠭᠠᠨ ᠪᠠᠶᠢᠴᠠᠭᠠᠬᠤ᠂ ᠰᠠᠷ᠎ᠠ ᠪᠠᠷ ᠲᠣᠬᠢᠷᠠᠭᠤᠯᠬᠤ︾ ᠲᠣᠭᠲᠠᠴᠠ ᠶᠢ ᠪᠠᠶᠢᠭᠤᠯᠤᠨ᠂ 8565 ᠦᠢᠯᠡᠳᠪᠦᠷᠢᠯᠡᠵᠦ ᠪᠣᠷᠣᠯᠠᠭᠤᠯᠬᠤ ᠨᠢᠭᠡᠴᠢ ᠶᠢ ᠱᠠᠯᠠᠪᠳᠠᠭᠤᠯᠵᠤ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ᠂ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠢ 2.1 ᠲᠦᠮᠡ ᠲᠣᠬᠢᠷᠠᠭᠤᠯᠪᠠ᠃ ᠡᠭᠦᠨ ᠤ ᠬᠠᠮᠲᠤ᠂ ︽ᠪᠥᠬᠦ ᠣᠷᠣᠨ ᠤ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠷᠴᠠᠭ ︵2024 ᠣᠨ ᠤ ᠬᠡᠪᠯᠡᠯ︶︾ ᠢ ᠳᠠᠷᠤᠮᠠᠯᠯᠠᠨ ᠲᠠᠷᠬᠠᠭᠠᠵᠤ᠂ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢᠨ ᠭᠠᠷᠴᠠᠭ ᠲᠤ ᠣᠷᠣᠭᠤᠯᠤᠭᠰᠠᠨ ᠦᠢᠯᠡᠳᠬᠦᠨ ᠲᠦᠷᠦᠭᠦᠦ ᠵᠢᠯ ᠤᠨ ᠬᠢ ᠠᠴᠠ ᠪᠠᠨ 25% ᠨᠡᠮᠡᠭᠳᠡᠵᠦ᠂ ︽2024 ᠣᠨ ᠤ ᠪᠥᠬᠦ ᠣᠷᠣᠨ ᠤ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠰᠤᠭᠤᠴᠢᠨ ᠪᠠᠶᠢᠴᠠᠭᠠᠬᠤ ᠪᠦᠯᠦᠭ ᠤᠳᠠᠭ᠎ᠠ ᠶᠢ ᠳᠡᠭᠡᠷ᠎ᠡ ᠵᠢᠯ ᠤᠨ ᠲᠥᠯᠥᠪᠯᠡᠭᠡ ᠠᠴᠠ 20% ᠪᠠᠷ ᠨᠡᠮᠡᠭᠳᠡᠭᠦᠯᠪᠡ᠃   ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡ ᠶᠢ ᠵᠡᠷᠭᠡ ᠪᠠᠷ ᠠᠳᠬᠤᠵᠤ ᠮᠡᠷᠭᠡᠵᠢᠯ ᠢᠶᠠᠷ ᠬᠠᠪᠰᠤᠷᠤᠨ ᠲᠡᠳᠬᠦᠬᠦ ᠶᠢ ᠠᠵᠢᠯᠯᠠᠭ᠎ᠠ ᠥᠷᠨᠢᠭᠦᠯᠵᠦ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠤ ᠠᠵᠤ ᠠᠬᠤᠶᠢᠯᠠᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠵᠦ ᠠᠵᠤ ᠠᠬᠤᠶᠢᠯᠠᠯ ᠢᠶᠠᠨ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠵᠦ᠂ 17 ᠠᠵᠤ ᠠᠬᠤᠶᠢᠯᠠᠯ ᠳᠤ ᠮᠡᠷᠭᠡᠵᠢᠯ ᠢᠶᠠᠷ ᠬᠠᠪᠰᠤᠷᠤᠨ ᠲᠡᠳᠬᠦᠬᠦ᠂ ᠰᠢᠨ᠎ᠡ ᠪᠠᠷᠢᠮᠵᠢᠶ᠎ᠠ ᠶᠢ ᠤᠬᠠᠭᠤᠯᠤᠨ ᠲᠤᠭᠤᠰᠢᠯᠠᠭᠤᠯᠬᠤ ᠪᠣᠯᠪᠠᠰᠤᠷᠠᠯ ᠢ ᠭᠦᠨᠵᠡᠭᠡᠢ ᠥᠷᠨᠢᠭᠦᠯᠵᠦ᠂ ᠪᠦᠬᠦ ᠣᠷᠣᠨ ᠤ ᠦᠢᠯᠡᠳᠪᠦᠷᠢᠯᠡᠵᠦ ᠪᠣᠷᠣᠯᠠᠭᠤᠯᠬᠤ ᠨᠢᠭᠡᠴᠢ ᠶᠢ ᠵᠢᠯᠣᠭᠤᠳᠤᠨ ᠶᠠᠰᠤ ᠴᠢᠨᠠᠷ ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠤᠬᠠᠮᠰᠠᠷ ᠢ ᠨᠢ ᠳᠡᠭᠡᠭᠰᠢᠯᠡᠭᠦᠯᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号