ᠪᠦᠬᠦ ᠤᠷᠤᠨ ᠤ ᠮᠦᠡᠭᠬᠦᠨ ᠬᠦᠢᠯᠬᠡᠬᠡᠨ ᠤ ᠪᠠᠶᠢᠭᠤᠯᠤᠮᠵᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠲᠡᠮᠵᠢᠬᠦ ᠪᠠᠷ 479.6 ᠳ᠋ᠦᠡᠭᠰᠢᠭᠤᠷ ᠲᠦᠬᠦᠷᠢᠭ ᠤᠨ ᠵᠢᠬᠡᠯᠡᠯᠬᠡ ᠲᠠᠯᠪᠢᠪᠠ
ᠨᠡᠶᠢᠲᠡᠯᠡᠭᠰᠡᠨ ᠴᠠᠭ᠄
2024/4/16
   ᠮᠠᠨ ᠤ ᠤᠷᠤᠨ ᠤ ᠮᠦᠡᠭᠬᠦᠨ ᠬᠦᠢᠯᠬᠡᠬᠡᠨ ᠤ ᠰᠢᠰᠲ᠋ᠤᠮ ᠤᠨ ᠬᠢᠨ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠨᠭ ᠤᠨ ᠪᠦᠳᠦᠬᠡᠭᠳᠡᠬᠦᠨ ᠤ ᠤᠶᠢᠯᠡᠳᠪᠤᠷᠢᠯᠡᠯ ᠤᠨ ᠰᠠᠭᠤᠷᠢᠨ ᠤ ᠪᠦᠳᠦᠬᠡᠨ ᠪᠠᠶᠢᠭᠤᠯᠤᠯᠳᠡ ᠳ᠋ᠤ᠋ ᠭᠤᠤᠯᠳᠠᠯᠭ᠎ᠠ ᠲᠠᠢ ᠤᠶᠢᠯᠡᠴᠢᠯᠡᠵᠤ᠂ ᠵᠤᠭᠤᠰᠤᠨ ᠤ ᠢᠳᠡᠬᠡᠮᠵᠢᠳᠤ ᠵᠢᠬᠡᠯᠡᠯᠬᠡ ᠶᠢᠨ ᠲᠦᠷᠦ ᠶᠢᠨ ᠪᠤᠳᠤᠯᠭ᠎ᠠ ᠶᠢᠨ ᠬᠦᠳᠦᠯᠦᠨ ᠵᠢᠯᠤᠭᠤᠳᠬᠤ ᠤᠶᠢᠯᠡᠳᠤᠯ ᠢ ᠪᠠᠳᠠᠷᠠᠭᠤᠯᠵᠤ᠂ ᠪᠦᠬᠦ ᠤᠷᠤᠨ ᠤ ᠬᠠᠪᠤᠷ ᠤᠨ ᠲᠠᠷᠢᠶᠠᠯᠠᠭ᠎ᠠ ᠶᠢᠨ ᠠᠵᠢᠯ  ᠳᠤ ᠬᠦᠴᠦᠨ ᠨᠡᠮᠡᠷᠢᠯᠡᠵᠤ ᠪᠠᠶᠢᠨ᠎ᠠ᠃ 2 ᠰᠠᠷ᠎ᠡ ᠪᠤᠯᠳᠠᠯ᠎ᠡ᠂ ᠪᠦᠬᠦ ᠤᠷᠤᠨ ᠤ ᠮᠦᠡᠭᠬᠦᠨ ᠬᠦᠢᠯᠬᠡᠬᠡᠨ ᠤ ᠪᠠᠶᠢᠭᠤᠯᠤᠮᠵᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠲᠡᠮᠵᠢᠬᠦ ᠪᠠᠷ 479.6 ᠳ᠋ᠦᠡᠭᠰᠢᠭᠤᠷ ᠲᠦᠬᠦᠷᠢᠭ ᠤᠨ ᠵᠢᠬᠡᠯᠡᠯᠬᠡ ᠲᠠᠯᠪᠢᠪᠠ᠃   ᠮᠠᠨ ᠤ ᠤᠷᠤᠨ ᠤ ᠮᠦᠡᠭᠬᠦᠨ ᠬᠦᠢᠯᠬᠡᠬᠡᠨ ᠤ ᠰᠢᠰᠲ᠋ᠤᠮ ᠤᠨ ᠬᠢᠨ ᠥᠪᠡᠷ ᠤᠨ ᠥᠷᠲᠡᠭ ᠢᠶᠠᠷ ᠳᠣᠤᠷ᠎ᠠ ᠵᠢᠭᠡᠯᠡᠯᠭᠡ ᠶᠢᠨ ᠪᠠᠯᠠ ᠮᠥᠩᠭᠦ ᠶᠢ ᠭᠦᠢᠴᠡᠳ ᠬᠡᠷᠡᠭᠯᠡᠨ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠤᠨ ᠢᠲᠡᠭᠡᠮᠵᠢᠲᠦ ᠵᠢᠭᠡᠯᠡᠯᠭᠡ ᠶᠢ ᠥᠷᠭᠡᠳᠭᠡᠵᠦ᠂ ᠲᠠᠷᠢᠶᠠᠯᠠᠬᠤ ᠡᠷᠤᠬᠡ ᠶᠢᠨ ᠪᠡᠯᠡ ᠬᠤᠷᠠᠮᠳᠤᠭᠤᠯᠬᠤ ᠲᠠᠷᠤᠭᠠᠰᠤ ᠶᠢ ᠨᠠᠮᠳᠠᠭᠤᠯᠪᠡ᠃ ᠣᠷᠳᠣᠰ ᠤᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ︽ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠰᠢᠷᠢᠰ︾ ᠵᠢᠭᠡᠯᠡᠯᠭᠡ ᠶᠢᠨ ᠦᠢᠯᠡᠳᠬᠦᠨ ᠭᠠᠷᠭᠠᠵᠤ᠂ ᠲᠠᠷᠢᠶᠠᠯᠠᠩ ᠢ ᠳᠡᠮᠵᠢᠬᠦ ᠵᠢᠭᠡᠯᠡᠯᠭᠡ ᠪᠠᠷ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠢ ᠲᠡᠮᠵᠢᠪᠡ︔ ᠠᠷᠠᠳ ᠤᠨ ᠪᠠᠩᠬᠢ ᠶᠢᠨ ᠦᠬᠠᠶ ᠬᠤᠲᠠ ᠳᠠᠬᠢ ᠬᠤᠪᠢᠶᠠᠷᠢ ᠪᠠᠩᠬᠢ ᠨᠢ ︽ᠠᠵᠤ ᠦᠢᠯᠡᠰ ᠤᠨ ᠬᠡᠯᠬᠢᠶ᠎ᠡ + ᠲᠠᠭᠠᠭᠤᠯᠤᠭᠴᠢ ᠠᠵᠤ ᠠᠬᠤᠶᠢᠯᠠᠯ + ᠰᠣᠶᠣᠯ ᠵᠢᠭᠤᠯᠴᠢᠯᠠᠯ︾ ᠤᠨ ᠲᠣᠭᠤᠷᠢᠨ ᠳᠤ᠂ ︽ᠵᠢᠭᠡᠯᠡᠯᠭᠡ + ᠦᠵᠦᠮ ᠤᠨ ᠠᠵᠤ ᠦᠢᠯᠡᠰ ᠤᠨ ᠬᠡᠯᠬᠢᠶ᠎ᠡ︾ ᠢᠢᠨ ᠢᠨᠵᠧᠨᠧᠷᠢᠩ ᠢ ᠭᠤᠤᠯᠳᠠᠯᠭ᠎ᠠ ᠲᠠᠢ ᠪᠣᠶ ᠪᠤᠯᠭᠠᠪᠠ᠃ 2 ᠰᠠᠷ᠎ᠠ ᠪᠤᠯᠳᠠᠯ᠎ᠡ᠂ ᠪᠥᠬᠦ ᠣᠷᠣᠨ ᠳ᠋ᠤ᠋ ᠬᠦᠳᠡᠭᠡ ᠲᠤᠰᠬᠤᠨ ᠤ ᠮᠦᠡᠭᠬᠦᠨ ᠬᠦᠢᠯᠬᠡᠬᠡᠨ ᠤ ᠪᠠᠶᠢᠭᠤᠯᠤᠮᠵᠢ ᠪᠠ ᠤᠷᠤᠨ ᠨᠤᠳᠤᠭ ᠤᠨ ᠴᠢᠨᠠᠷᠳᠡᠢ ᠮᠦᠡᠭᠬᠦᠨ ᠬᠦᠢᠯᠬᠡᠬᠡᠨ ᠤ ᠪᠠᠶᠢᠭᠤᠯᠤᠮᠵᠢ ᠳ᠋ᠤ᠋ 10.7 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 21.8% ᠪᠠᠷ ᠨᠡᠮᠡᠭᠳᠡᠪᠡ᠃ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ︽ᠲᠥᠪᠡᠳ ᠬᠠᠰᠢ ᠶᠢᠨ ᠵᠢᠭᠡᠯᠡᠯᠭᠡ︾᠂ ︽ᠭᠠᠩ ᠬᠠᠭᠰᠠᠷᠠᠭᠠᠨ ᠲᠠᠢ ᠲᠡᠮᠡᠴᠡᠬᠦ ᠵᠢᠬᠡᠯᠡᠯᠬᠡ︾᠂ ︽ᠲᠠᠷᠢᠶᠠᠯᠠᠨᠭ ᠢ ᠲᠤᠰᠠᠯᠠᠬᠤ ᠵᠢᠭᠡᠯᠡᠯᠭᠡ︾ ᠵᠡᠷᠭᠡ ᠣᠷᠣᠨ ᠨᠤᠲᠤᠭ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠤᠶᠢᠯᠡᠳᠬᠦᠨ ᠤ ᠰᠢᠨ᠎ᠡ ᠶᠢ ᠡᠭᠦᠳᠬᠦ ᠶᠢ ᠵᠣᠷᠢᠭᠵᠢᠭᠤᠯᠪᠠ᠃ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠰᠦᠯᠵᠢᠶᠡᠨ ᠳᠡᠭᠡᠷᠡᠬᠢ ᠲᠦᠭᠡᠮᠡᠯ ᠬᠦᠷᠳᠡᠬᠡᠮᠵᠢᠳᠤ ᠴᠢᠨᠠᠷᠲᠠᠶ ᠲᠠᠷᠢᠶᠠᠴᠢᠳ ᠲᠤ ᠠᠰᠢᠭ ᠬᠦᠷᠲᠡᠭᠡᠬᠦ ᠢᠲᠡᠭᠡᠮᠵᠢᠲᠦ ᠵᠢᠭᠡᠯᠡᠯᠭᠡ ᠶᠢᠨ ᠤᠶᠢᠯᠡᠳᠬᠦᠨ ᠢ ᠡᠬᠦᠳᠴᠤ᠂ ᠪᠥᠬᠦ ᠶᠠᠪᠤᠴᠠ ᠶᠢ ︽ᠰᠦᠯᠵᠢᠶ᠎ᠡ ᠳᠡᠭᠡᠷ᠎ᠡ ᠭᠦᠢᠴᠡᠳᠭᠡᠬᠦ︾ ᠶᠢ ᠪᠡᠶᠡᠯᠡᠭᠦᠯᠵᠦ᠂ ᠵᠢᠭᠡᠯᠡᠯᠭᠡ ᠡᠪᠬᠤ ᠳ᠋ᠤ᠋ ᠲᠥᠬᠦᠮ ᠦᠵᠡᠬᠦᠯᠪᠡ᠃ ᠪᠤᠭᠤᠲᠤ ᠬᠤᠲᠠ ᠶᠢᠨ ᠭᠦᠶᠡᠩ ᠲᠠᠷᠢᠶᠠᠯᠠᠩ ᠤᠨ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠰᠢᠯᠵᠢᠮᠡᠯ PAD ᠶᠢ ᠠᠰᠢᠭᠯᠠᠨ ᠬᠡᠷ ᠲᠤᠨᠢ ᠬᠦᠷᠴᠦ ︽ᠬᠤᠨᠴᠢᠷ ᠲᠠᠷᠢᠶᠠᠯᠠᠩ ᠤᠨ ᠵᠢᠭᠡᠯᠡᠯᠭᠡ︾ ᠶᠢ ᠭᠦᠢᠴᠡᠳᠭᠡᠵᠦ ᠦᠭᠪᠠ᠃   ᠮᠠᠨ ᠤ ᠤᠷᠤᠨ ᠤ ᠮᠦᠡᠭᠬᠦᠨ ᠬᠦᠢᠯᠬᠡᠬᠡᠨ ᠤ ᠰᠢᠰᠲ᠋ᠤᠮ ᠨᠢ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠤᠨ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ︽ᠰᠠᠭᠠᠳ ᠥᠬᠡᠶ ᠨᠡᠪᠲᠡᠷᠡᠬᠦ ᠵᠠᠮ︾ ᠢ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠷᠠᠭᠤᠯᠤᠨ᠂ ᠵᠢᠭᠡᠯᠡᠯᠭᠡ ᠶᠢᠨ ᠢᠲᠡᠭᠡᠮᠵᠢ ᠣᠯᠭᠤᠬᠤ ᠶᠡᠪᠤᠴᠡ ᠶᠢ ᠳᠥᠭᠦᠮᠴᠢᠯᠡᠵᠤ ᠪᠠᠶᠢᠨ᠎ᠡ᠃ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠨᠢ ᠲᠠᠷᠢᠶᠠᠯᠠᠬᠤ ᠡᠷᠦᠬᠡ ᠵᠢᠴᠢ ᠡᠯ᠎ᠡ ᠲᠥᠷᠥᠯ ᠤᠨ ᠲᠠᠷᠢᠶᠠᠯᠠᠩ ᠳᠤ ᠬᠤᠯᠪᠣᠭᠳᠠᠬᠤ ᠭᠤᠤᠯ ᠴᠣᠭᠴᠠ ᠶᠢᠨ ᠪᠠᠯᠠ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠶ ᠪᠠᠷ ᠣᠶᠢᠯᠠᠭᠠᠪᠠ᠃ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠲᠦᠩᠯᠢᠶᠣᠤ ᠬᠤᠲᠠ ᠳᠠᠬᠢ ᠬᠤᠪᠢᠶᠠᠷᠢ ᠪᠠᠩᠬᠢ ᠶᠢᠨ ᠬᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠵᠤ ᠪᠠᠶᠢᠭᠠᠳ ᠮᠠᠯᠵᠢᠬᠤ ᠲᠠᠷᠢᠶᠠᠯᠠᠬᠤ ᠡᠷᠦᠬᠡ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯ ᠰᠡᠳᠦᠪᠲᠦ ᠺᠠᠷᠲ ᠤᠨ ᠲᠤᠬᠠᠶᠢᠯᠠᠭᠰᠠᠨ ᠠᠵᠢᠯ ᠢ ᠲᠤᠬᠠᠶ ᠶᠢᠨ ᠲᠠᠯᠠᠪᠤᠷ ᠲᠤᠨᠢ ᠭᠦᠢᠴᠡᠳᠭᠡᠵᠦ ᠥᠭᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号