ᠮᠠᠨ ᠤ ᠤᠷᠤᠨ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠢ ᠴᠢᠨᠠᠷ ᠰᠠᠶᠢᠳᠠᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2024/4/16
   ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ︽ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ︾ ᠢ ᠳᠠᠷᠤᠮᠠᠯᠯᠠᠨ ᠲᠠᠷᠬᠠᠭᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠢ ᠴᠢᠨᠠᠷ ᠰᠠᠶᠢᠳᠠᠢ ᠠᠭᠢᠭᠤᠯᠵᠤ ᠪᠠᠶᠢᠨ᠎ᠠ᠃   ︽ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ︾ ᠳᠤ᠂ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠢᠶᠠᠷ ᠳᠠᠮᠵᠢᠭᠤᠯᠤᠨ᠂ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠲᠥᠯᠦᠪᠵᠢᠭᠦᠯᠭᠡ ᠪᠠ ᠬᠡᠷᠡᠭᠴᠡᠭᠡ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠤᠯᠠᠮ ᠢᠶᠠᠷ ᠰᠠᠶᠢᠲᠤᠷ ᠬᠢᠵᠦ᠂ ᠣᠷᠣᠨ ᠵᠠᠢ ᠶᠢᠨ ᠪᠠᠶᠢᠷᠢᠰᠢᠯ ᠪᠠ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠲᠠᠯ᠎ᠠ ᠪᠠᠷ ᠲᠥᠯᠦᠪᠵᠢᠭᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠭᠡᠷᠡᠭᠳᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠨᠡᠭᠦᠷᠡᠰᠦᠨ ᠠᠭᠤᠷᠬᠠᠢ ᠬᠢᠭᠡᠳ ᠨᠡᠭᠦᠷᠡᠰᠦᠨ ᠤ ᠪᠤᠰᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠬᠢᠵᠤ᠂ ︽ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠠᠴᠠ ᠵᠥᠷᠢᠴᠡᠭᠰᠠᠨ ᠠᠵᠢᠯᠯᠠᠭ᠎ᠠ ᠶᠢ ᠴᠡᠭᠴᠡᠯᠡᠨ ᠵᠠᠰᠠᠬᠤ︾ ᠪᠠ ᠬᠢᠨᠠᠨ ᠵᠢᠯᠤᠭᠤᠳᠴᠤ ᠪᠠᠶᠢᠴᠠᠭᠠᠬᠤ ᠶᠢ ᠦᠷᠭᠦᠯᠵᠢᠯᠡᠨ ᠥᠷᠨᠢᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠬᠤ ᠭᠡᠷᠡᠭᠳᠡᠢ᠃ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠪᠠ ᠬᠡᠮᠵᠢᠨ ᠵᠢᠷᠤᠬᠤ ᠠᠵᠢᠯ ᠲᠥᠷᠥᠯ ᠤᠨ ᠠᠮᠤᠷ ᠲᠦᠪᠰᠢᠨ ᠤ ᠲᠦᠭᠰᠢᠭᠦᠷᠢ ᠶᠢ ᠨᠠᠷᠢᠯᠢᠭ ᠣᠨᠣᠪᠴᠢᠳᠠᠢ ᠪᠠᠷ ᠵᠢᠭᠰᠠᠭᠠᠨ ᠪᠠᠶᠢᠴᠠᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠨ᠂ ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠥᠬᠦ ᠬᠦᠴᠦᠨ ᠢᠶᠠᠷ ᠪᠠᠳᠤᠯᠠᠬᠤ ᠭᠡᠷᠡᠭᠳᠡᠢ ᠭᠡᠵᠤ ᠱᠠᠭᠠᠷᠳᠠᠵᠠᠢ᠃   ᠡᠬᠦᠨ ᠤ ᠬᠠᠮᠳᠤ᠂ ᠭᠤᠤᠯᠳᠠᠯᠭ᠎ᠠ ᠲᠠᠢ ᠡᠭᠦᠷᠭᠡ ᠳᠤ ᠬᠦᠴᠦᠨ ᠢᠶᠠᠨ ᠲᠦᠪᠯᠡᠷᠡᠭᠦᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠬᠦ ᠶᠢ ᠦᠷᠭᠦᠯᠵᠢᠯᠡᠨ ᠭᠦᠨᠵᠡᠭᠡᠶᠢᠷᠡᠭᠦᠯᠬᠦ ᠂ ᠠᠮᠤᠷ ᠲᠦᠪᠰᠢᠨ ᠤ ᠪᠣᠯᠪᠠᠰᠤᠷᠠᠯ ᠪᠠ ᠰᠡᠷᠡᠮᠵᠢᠯᠡᠭᠦᠯᠬᠦ ᠬᠥᠮᠦᠵᠢᠯ ᠢ ᠬᠠᠨᠳᠤᠯᠭᠠᠲᠤ ᠴᠢᠨᠠᠷᠲᠠᠢ ᠪᠠᠷ ᠴᠢᠩᠭᠠᠳᠬᠠᠬᠤ᠂ ᠠᠵᠢᠯ ᠲᠥᠷᠥᠯ ᠪᠠ ᠲᠤᠬᠠᠶᠢᠯᠠᠭᠰᠠᠨ ᠠᠵᠢᠯ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ ᠵᠡᠷᠭᠡ 6 ᠵᠦᠢᠯ ᠤᠨ ᠭᠤᠣᠯ ᠡᠭᠦᠷᠭᠡ ᠶᠢ ᠲᠣᠳᠣᠷᠬᠠᠢ ᠲᠣᠭᠲᠠᠭᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号