ᠳᠥᠷᠥᠯᠵᠢ ᠪᠠᠯᠭᠠᠰᠤ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠡᠷᠡᠭ ᠶᠠᠪᠤᠳᠠᠯ᠂ ᠲᠣᠭᠲᠠᠴᠠ ᠶᠢᠨ ᠫᠠᠶᠢᠰᠠ᠂ ᠭᠡᠷᠡᠴᠢᠯᠡᠬᠦ ᠵᠦᠢᠯᠡᠰ ᠢ ᠵᠢᠷᠤᠮᠵᠢᠭᠤᠯᠬᠤ ᠲᠤᠬᠠᠢ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/17
   4 ᠰᠠᠷ᠎ᠠ ᠶᠢᠨ 10᠎ ᠤ ᠡᠳᠦᠷ᠂ ᠳᠥᠷᠥᠯᠵᠢ ᠪᠠᠯᠭᠠᠰᠤ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠡᠷᠡᠭ ᠶᠠᠪᠤᠳᠠᠯ᠂ ᠲᠣᠭᠲᠠᠴᠠ ᠶᠢᠨ ᠫᠠᠶᠢᠰᠠ ᠪᠠ ᠭᠡᠷᠡᠴᠢᠯᠡᠬᠦ ᠵᠦᠢᠯᠡᠰ ᠢ ᠵᠢᠷᠤᠮᠵᠢᠭᠤᠯᠬᠤ ᠲᠤᠬᠠᠢ ᠠᠵᠢᠯ ᠤᠨ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠨ ᠹᠧᠩ ᠬᠤᠷᠠᠯ ᠢ ᠡᠷᠬᠢᠯᠡᠵᠦ᠂ ᠭᠡᠷ ᠲᠤ ᠪᠠᠨ ᠪᠠᠶᠢᠭ᠎ᠠ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ᠂ ᠭᠠᠴᠠᠭ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠵᠢᠯᠣᠭᠤᠳᠬᠤ ᠭᠠᠷᠴᠠᠭ︾᠎ ᠲᠠᠢ ᠬᠠᠷᠢᠴᠠᠭᠤᠯᠤᠨ᠂ ᠭᠠᠴᠠᠭᠠᠨ ᠤ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠵᠦᠢᠯᠡᠰ᠂ ᠠᠵᠢᠯ ᠤᠨ ᠵᠦᠢᠯᠡᠰ ᠪᠠ ᠭᠠᠴᠠᠭᠠᠨ ᠤ ᠪᠣᠳᠠᠲᠠᠢ ᠡᠭᠦᠷᠭᠡᠯᠡᠭᠰᠡᠨ ᠪᠤᠰᠤᠳ ᠠᠵᠢᠯ ᠤᠨ ᠵᠦᠢᠯᠡᠰ ᠢ ᠡᠮᠬᠢᠯᠡᠵᠦ᠂ ᠭᠠᠴᠠᠭᠠᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠶᠠᠪᠤᠳᠠᠯ᠂ ᠲᠣᠭᠲᠠᠴᠠ ᠶᠢᠨ ᠫᠠᠶᠢᠰᠠ ᠲᠡᠮᠳᠡᠭ ᠪᠠ ᠭᠡᠷᠡᠴᠢᠯᠡᠬᠦ ᠵᠦᠢᠯᠡᠰ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠢ᠃    ᠶᠠᠨ ᠹᠧᠩ ᠱᠦᠵᠢ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ᠂ ᠭᠠᠴᠠᠭ᠎ᠠ ᠬᠤᠷᠠᠯ ᠤᠨ ᠳᠠᠷᠠᠭ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠶᠠᠪᠤᠳᠠᠯ ᠤᠨ ᠵᠢᠯᠣᠭᠤᠳᠬᠤ ᠭᠠᠷᠴᠠᠭ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠭᠡᠷᠡᠴᠢᠯᠡᠬᠦ ᠵᠦᠢᠯᠡᠰ ᠤᠨ ᠨᠠᠷᠢᠨ ᠳᠠᠩᠰᠠ︾᠎ ᠲᠠᠢ ᠬᠠᠷᠢᠴᠠᠭᠤᠯᠤᠨ ᠨᠠᠷᠢᠨ ᠬᠢᠨᠠᠮᠠᠭᠠᠢ ᠡᠮᠬᠢᠯᠡᠵᠦ᠂ ᠭᠠᠴᠠᠭᠠᠨ ᠤ ᠬᠥᠭᠵᠢᠯᠲᠡ ᠪᠠ ᠣᠯᠠᠨ ᠲᠦᠮᠡᠨ ᠳᠤ ᠰᠢᠭᠤᠳ ᠦᠢᠯᠡᠴᠢᠯᠡᠬᠦ ᠬᠠᠷᠠᠭᠠᠰᠤ ᠠᠴᠠ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠡᠷᠡᠭ ᠶᠠᠪᠤᠳᠠᠯ᠂ ᠲᠣᠭᠲᠠᠴᠠ ᠶᠢᠨ ᠫᠠᠶᠢᠰᠠ ᠢᠯᠡᠷᠬᠡᠶᠢᠯᠡᠯ ᠪᠠ ᠭᠡᠷᠡᠴᠢᠯᠡᠬᠦ ᠵᠦᠢᠯᠡᠰ ᠢ ᠵᠢᠷᠤᠮᠵᠢᠭᠤᠯᠵᠤ᠂ ᠴᠢᠳᠠᠮᠵᠢ ᠶᠢ ᠡᠮᠬᠢᠯᠡᠨ ᠨᠡᠶᠢᠯᠡᠭᠦᠯᠵᠦ᠂ ᠫᠠᠶᠢᠰᠠ ᠢᠯᠡᠷᠬᠡᠶᠢᠯᠡᠯ ᠢ ᠴᠣᠮᠬᠠᠳᠬᠠᠨ᠂ ᠣᠨᠢᠨ ᠳᠡᠭᠡᠷ᠎ᠡ ᠨᠢ ᠬᠦᠴᠦᠯᠡᠵᠦ᠂ ᠭᠠᠴᠠᠭᠠᠨ ᠤ ᠱᠠᠲᠤᠨ ᠤ ᠬᠥᠭᠵᠢᠯᠲᠡ ᠶᠢ ᠠᠬᠢᠭᠤᠯᠬᠤ ᠪᠠ ᠣᠯᠠᠨ ᠲᠦᠮᠡᠨ ᠳᠤ ᠦᠢᠯᠡᠴᠢᠯᠡᠬᠦ ᠳᠡᠭᠡᠷ᠎ᠡ ᠭᠠᠴᠠᠭᠠᠨ ᠤ ᠱᠠᠲᠤᠨ ᠤ ᠱᠠᠭᠠᠷᠳᠠᠯᠭ᠎ᠠ ᠶᠢ ᠦᠨᠳᠦᠰᠦᠯᠡᠨ᠂ ᠭᠠᠴᠠᠭᠠᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠳᠠᠷᠤᠭᠠᠰᠤ ᠶᠢ ᠬᠥᠩᠭᠡᠷᠡᠭᠦᠯᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃    ᠳᠠᠷᠠᠭᠠᠴᠢ ᠶᠢᠨ ᠠᠯᠬᠤᠮ ᠳᠤ᠂ ᠳᠥᠷᠥᠯᠵᠢ ᠪᠠᠯᠭᠠᠰᠤ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠡᠷᠡᠭ ᠶᠠᠪᠤᠳᠠᠯ᠂ ᠲᠣᠭᠲᠠᠴᠠ ᠶᠢᠨ ᠫᠠᠶᠢᠰᠠ᠂ ᠭᠡᠷᠡᠴᠢᠯᠡᠬᠦ ᠵᠦᠢᠯᠡᠰ ᠵᠡᠷᠭᠡ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠦᠷᠭᠦᠯᠵᠢᠯᠡᠨ ᠨᠠᠷᠢᠨ ᠬᠢᠨᠠᠮᠠᠭᠠᠢ ᠡᠮᠬᠢᠯᠡᠵᠦ᠂ ᠠᠵᠢᠯ ᠢᠶᠠᠨ ᠪᠣᠳᠠᠲᠠᠢ ᠳᠤ ᠨᠠᠶᠢᠳᠠᠪᠤᠷᠢᠵᠢᠭᠤᠯᠵᠤ᠂ ᠭᠠᠴᠠᠭᠠᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠣᠶᠤᠨ ᠴᠢᠳᠠᠯ ᠢᠶᠠᠨ ᠲᠥᠪᠯᠡᠷᠡᠭᠦᠯᠦᠨ ᠵᠠᠰᠠᠯᠲᠠ ᠶᠢ ᠠᠳᠬᠤᠵᠤ ᠦᠢᠯᠡᠴᠢᠯᠡᠭᠡ ᠶᠢ ᠠᠳᠬᠤᠵᠤ ᠬᠥᠭᠵᠢᠯᠲᠡ ᠶᠢ ᠠᠳᠬᠤᠨ ᠡᠨᠧᠷᠭᠢ ᠶᠢ ᠬᠠᠳᠠᠭᠠᠯᠠᠵᠤ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号