ᠳᠥᠷᠥᠯᠵᠢ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠵᠣᠬᠢᠶᠠᠨ ᠪᠠᠶᠢᠭᠤᠯᠵᠤ ᠰᠣᠨᠢᠷᠬᠠᠪᠠ
ᠨᠡᠶᠢᠲᠡᠯᠡᠭᠰᠡᠨ ᠴᠠᠭ᠄
2024/4/17
   ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢᠶᠠᠨ ᠴᠢᠩᠭᠠᠳᠬᠠᠵᠤ᠂ ᠪᠦᠬᠦ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ 4 ᠰᠠᠷ᠎ᠠ ᠶᠢᠨ 10᠎ ᠤ ᠡᠳᠦᠷ ᠤᠨ ᠦᠳᠡ ᠶᠢᠨ ᠡᠮᠦᠨ᠎ᠡ᠂ ᠳᠥᠷᠥᠯᠵᠢ ᠪᠠᠯᠭᠠᠰᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯᠤᠨ ᠭᠠᠴᠠᠭᠠᠨ ᠤ ᠬᠤᠶᠠᠷ ᠵᠥᠪᠯᠡᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ ︽ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ︾᠎ ᠢ ᠲᠥᠪᠯᠡᠷᠡᠭᠦᠯᠦᠨ ᠦᠵᠡᠪᠡ᠃    ᠰᠤᠷᠭᠠᠨ ᠬᠥᠮᠦᠵᠢᠯ ᠤᠨ ᠹᠢᠯᠢᠮ ᠨᠢ ᠣᠶᠢᠷ᠎ᠠ ᠶᠢᠨ ᠬᠤᠶᠠᠷ ᠵᠢᠯ ᠤᠨ ᠨᠡᠶᠢᠲᠡᠯᠢᠭ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠲᠠᠢ ᠤᠶᠠᠯᠳᠤᠭᠤᠯᠤᠨ᠂ ᠺᠠᠷᠲ᠋ᠣᠨ ᠵᠢᠷᠤᠭ ᠤᠨ ᠬᠡᠯᠪᠡᠷᠢ ᠪᠠᠷ ᠬᠤᠯᠪᠣᠭᠳᠠᠯ ᠪᠦᠬᠦᠢ ᠠᠳᠠᠯ ᠤᠨ ᠬᠥᠭᠵᠢᠯᠲᠡ᠂ ᠡᠭᠦᠰᠦᠭᠰᠡᠨ ᠶᠠᠪᠤᠴᠠ ᠶᠢ ᠳᠠᠭᠤᠷᠢᠶᠠᠵᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠨ᠂ ᠠᠳᠠᠯ ᠤᠨ ᠡᠭᠦᠰᠦᠭᠰᠡᠨ ᠰᠢᠯᠲᠠᠭᠠᠨ ᠢ ᠭᠦᠨᠵᠡᠭᠡᠢ ᠵᠠᠳᠠᠯᠵᠤ᠂ ᠴᠢᠰᠤᠲᠤ ᠰᠤᠷᠭᠠᠮᠵᠢ ᠪᠠᠷ ᠠᠶᠤᠯᠭᠦᠢ ᠦᠢᠯᠡᠳᠪᠦᠷᠢᠯᠡᠯ ᠤᠨ ᠰᠡᠷᠡᠮᠵᠢ ᠶᠢᠨ ᠬᠤᠩᠬᠤ ᠶᠢ ᠳᠤᠤᠭᠠᠷᠭᠠᠵᠤ᠂ ᠪᠢᠳᠡᠨ ᠢ ᠬᠠᠪᠰᠤᠷᠤᠨ ᠠᠶᠤᠯᠭᠦᠢ ᠦᠢᠯᠡᠳᠪᠦᠷᠢᠯᠡᠯ ᠤᠨ ᠴᠢᠬᠤᠯᠠ ᠴᠢᠨᠠᠷ ᠢ ᠭᠦᠨᠵᠡᠭᠡᠢ ᠤᠬᠠᠮᠰᠠᠷᠠᠭᠤᠯᠵᠤ᠂ ᠠᠶᠤᠯᠭᠦᠢ ᠶᠢᠨ ᠰᠡᠷᠭᠡᠶᠢᠯᠡᠯᠲᠡ ᠶᠢᠨ ᠤᠬᠠᠮᠰᠠᠷ ᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃    ᠣᠯᠠᠨ ᠢᠶᠠᠷ ᠢᠶᠠᠨ᠂ ᠠᠶᠤᠯᠭᠦᠢ ᠦᠢᠯᠡᠳᠪᠦᠷᠢᠯᠡᠯ ᠬᠥᠭᠵᠢᠯᠲᠡ᠂ ᠠᠷᠠᠳ ᠤᠨ ᠠᠮᠢᠳᠤᠷᠠᠯ ᠪᠣᠯᠤᠨ ᠲᠣᠭᠲᠠᠭᠤᠨ ᠲᠠᠢ ᠬᠤᠯᠪᠣᠭᠳᠠᠨ᠎ᠠ᠂ ᠨᠡᠶᠢᠲᠡᠯᠢᠭ ᠠᠳᠠᠯ ᠠᠴᠠ ᠭᠦᠨᠵᠡᠭᠡᠢ ᠰᠤᠷᠭᠠᠮᠵᠢ ᠠᠪᠴᠤ᠂ ᠴᠠᠭ ᠢᠮᠠᠭᠲᠠ ᠳᠡᠭᠡᠳᠦ ᠬᠡᠮᠵᠢᠶᠡᠨ ᠤ ᠰᠡᠷᠡᠮᠵᠢ ᠲᠠᠢ ᠪᠠᠶᠢᠵᠤ᠂ ᠭᠡᠮ ᠰᠣᠭᠤᠭ ᠨᠢᠭᠡᠪᠦᠷᠢ ᠶᠢᠨ ᠣᠷᠣᠰᠢᠵᠤ ᠮᠡᠳᠡᠬᠦ ᠭᠤᠭᠴᠤᠭ᠎ᠠ ᠶᠢ ᠴᠢᠩᠭ᠎ᠠ ᠠᠩᠬᠠᠷᠴᠤ᠂ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ᠂ ᠪᠣᠭᠤᠮᠲᠠ ᠶᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠬᠠᠷᠢᠶ᠎ᠠ ᠣᠷᠣᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠵᠦ ᠢᠯᠡᠳᠬᠡᠵᠡᠭᠡᠪᠡ᠃    ᠶᠠᠨ ᠹᠧᠩ ᠴᠢᠬᠤᠯᠠᠴᠢᠯᠠᠭᠰᠠᠨ ᠨᠢ᠂ ᠨᠢᠭᠡ ᠳᠤ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ᠬᠤᠶᠠᠷ ᠲᠤ᠂ ᠡᠯ᠎ᠡ ᠭᠠᠴᠠᠭ᠎ᠠ᠂ ᠡᠯ᠎ᠡ ᠥᠷᠲᠡᠭᠡ ᠠᠯᠪᠠᠨ ᠭᠡᠷ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠪᠦᠲᠦᠮᠵᠢᠲᠦ ᠴᠢᠨᠠᠷ ᠢ ᠪᠠᠲᠤᠯᠠᠬᠤ ᠬᠡᠷᠡᠭᠲᠡᠢ᠃ ᠭᠤᠷᠪᠠ ᠳᠤ᠂ ᠡᠯ᠎ᠡ ᠭᠠᠴᠠᠭ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠶᠤᠯᠭᠦᠢ ᠦᠢᠯᠡᠳᠪᠦᠷᠢᠯᠡᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠠᠮᠤᠭ ᠤᠨ ᠴᠢᠩᠭ᠎ᠠ ᠪᠠᠷᠢᠮᠵᠢᠶ᠎ᠠ ᠪᠠᠷ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ᠂ ᠲᠤᠰ ᠲᠤᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠮᠤᠷ ᠲᠦᠪᠰᠢᠨ ᠤ ᠪᠠᠶᠢᠳᠠᠯ ᠢ ᠪᠦᠬᠦ ᠲᠠᠯ᠎ᠠ ᠪᠠᠷ᠂ ᠣᠨᠣᠪᠴᠢᠲᠠᠢ ᠡᠵᠡᠮᠰᠢᠵᠦ᠂ ᠭᠠᠯ ᠤᠨᠲᠠᠷᠠᠭᠠᠬᠤ ᠠᠮᠤᠷ ᠲᠦᠪᠰᠢᠨ᠂ ᠰᠢᠲᠠᠮᠠᠬᠠᠢ ᠬᠡᠢ ᠶᠢᠨ ᠠᠮᠤᠷ ᠲᠦᠪᠰᠢᠨ᠂ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ᠂ ᠲᠠᠷᠢᠶᠠᠯᠠᠩ ᠳᠤ ᠬᠡᠷᠡᠭᠯᠡᠬᠦ ᠮᠠᠰᠢᠨ ᠢ ᠬᠡᠷᠡᠭᠯᠡᠬᠦ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠵᠡᠷᠭᠡ ᠡᠯ᠎ᠡ ᠬᠦᠷᠢᠶᠡᠨ ᠤ ᠬᠢᠨᠠᠯᠲᠠ ᠪᠠᠶᠢᠴᠠᠭᠠᠯᠲᠠ ᠶᠢ ᠦᠨᠡᠨᠬᠦ ᠴᠢᠩᠭᠠᠳᠬᠠᠵᠤ᠂ ᠡᠯ᠎ᠡ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠳᠠᠯ ᠭᠠᠷᠬᠤ ᠶᠢ ᠴᠢᠩᠭ᠎ᠠ ᠰᠡᠷᠭᠡᠶᠢᠯᠡᠵᠦ᠂ ᠮᠠᠨ ᠤ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠬᠠᠷᠢᠶᠠᠲᠤ ᠣᠷᠣᠨ ᠤ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃    ᠳᠠᠷᠠᠭᠠᠴᠢ ᠶᠢᠨ ᠠᠯᠬᠤᠮ ᠳᠤ᠂ ᠳᠥᠷᠥᠯᠵᠢ ᠪᠠᠯᠭᠠᠰᠤ ᠠᠮᠤᠷ ᠲᠦᠪᠰᠢᠨ ᠤ ᠤᠬᠠᠮᠰᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠭᠠᠴᠠᠭ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠰᠠᠶᠢᠲᠤᠷ ᠬᠢᠵᠦ᠂ ᠡᠯ᠎ᠡ ᠬᠦᠷᠢᠶᠡᠨ ᠤ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠴᠥᠬᠦᠷᠡᠰᠢ ᠦᠭᠡᠢ ᠰᠠᠶᠢᠲᠤᠷ ᠬᠢᠵᠦ᠂ ᠠᠮᠤᠷ ᠲᠦᠪᠰᠢᠨ ᠤ ᠠᠳᠠᠯ ᠢ ᠪᠦᠲᠦᠮᠵᠢᠲᠡᠢ ᠰᠡᠷᠭᠡᠶᠢᠯᠡᠵᠦ᠂ ᠪᠦᠬᠦ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号