ᠳᠥᠷᠥᠯᠵᠢ ᠪᠠᠯᠭᠠᠰᠤ ᠪᠦᠬᠦ ᠠᠷᠠᠳ ᠤᠨ ᠤᠩᠰᠢᠯᠭ᠎ᠠ ᠶᠢᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/17
   ᠡᠨᠡ ᠵᠢᠯ ᠤᠨ 4 ᠰᠠᠷ᠎ᠠ ᠶᠢᠨ 23᠎ ᠤ ᠡᠳᠦᠷ ᠪᠣᠯ 29 ᠳ᠋ᠦᠭᠡᠷ ᠳᠡᠯᠡᠬᠡᠢ ᠶᠢᠨ ᠨᠣᠮ ᠤᠩᠰᠢᠬᠤ ᠡᠳᠦᠷ ᠪᠣᠯᠤᠨ᠎ᠠ ᠂ 4 ᠳ᠋ᠦᠭᠡᠷ ᠰᠠᠷ᠎ᠠ ᠪᠣᠯ ᠪᠠᠰᠠ ᠴᠤ ᠮᠠᠨ ᠤ ᠤᠯᠤᠰ ᠤᠨ ᠪᠦᠬᠦ ᠠᠷᠠᠳ ᠢᠶᠠᠷ ᠢᠶᠠᠨ ᠨᠣᠮ ᠤᠩᠰᠢᠬᠤ ᠰᠠᠷ᠎ᠠ ᠪᠣᠯᠤᠨ᠎ᠠ ᠃ ᠥᠷᠭᠡᠨ ᠣᠯᠠᠨ ᠬᠠᠷᠢᠶᠠᠲᠤ ᠣᠷᠣᠨ ᠤ ᠰᠠᠭᠤᠭᠠᠯᠢ ᠠᠷᠠᠳ ᠪᠠ ᠭᠠᠴᠠᠭᠠᠨ ᠤ ︽ᠬᠤᠶᠠᠷ ᠵᠥᠪᠯᠡᠯ︾᠎ ᠤᠨ ᠤᠩᠰᠢᠯᠭ᠎ᠠ ᠶᠢᠨ ᠬᠠᠯᠠᠭᠤᠨ ᠰᠡᠳᠬᠢᠯᠭᠡ ᠶᠢ ᠳᠡᠭᠡᠭᠰᠢᠯᠡᠭᠦᠯᠵᠦ᠂ ᠪᠦᠬᠦ ᠠᠷᠠᠳ ᠤᠨ ᠤᠩᠰᠢᠯᠭ᠎ᠠ ᠶᠢ ᠭᠦᠨᠵᠡᠭᠡᠢ ᠠᠬᠢᠭᠤᠯᠬᠤ ᠶᠢᠨ ᠲᠥᠯᠥᠭᠡ᠂ ᠳᠥᠷᠥᠯᠵᠢ ᠪᠠᠯᠭᠠᠰᠤ ᠪᠦᠬᠦ ᠠᠷᠠᠳ ᠤᠨ ᠤᠩᠰᠢᠯᠭ᠎ᠠ ᠶᠢᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ ᠣᠯᠠᠨ ᠢ ᠬᠥᠲᠥᠯᠥᠨ ᠵᠢᠯᠣᠭᠤᠳᠴᠤ ᠪᠠᠶᠢᠭᠠᠳ ︽ᠨᠣᠮ ᠤᠩᠰᠢᠬᠤ ᠳᠤᠷᠠᠲᠠᠢ᠂ ᠰᠠᠶᠢᠨ ᠨᠣᠮ ᠤᠩᠰᠢᠬᠤ᠂ ᠨᠣᠮ ᠤᠩᠰᠢᠬᠤ ᠳᠠᠭᠠᠨ ᠴᠢᠳᠠᠮᠠᠭᠠᠢ︾ ᠰᠠᠶᠢᠨ ᠰᠠᠶᠢᠬᠠᠨ ᠵᠠᠩ ᠳᠠᠳᠬᠠᠯ ᠲᠠᠢ ᠪᠣᠯᠭᠠᠵᠤ᠂ ᠪᠣᠯᠪᠠᠰᠤᠨ ᠡᠶ᠎ᠡ ᠵᠣᠬᠢᠴᠠᠯ ᠲᠠᠢ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃    ᠠᠵᠢᠯᠯᠠᠭ᠎ᠠ ᠶᠢᠨ ᠳᠤᠮᠳᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠬᠠᠷᠢᠶᠠᠲᠤ ᠣᠷᠣᠨ ᠤ ᠰᠠᠭᠤᠭᠠᠯᠢ ᠠᠷᠠᠳ ᠪᠣᠯᠤᠨ ᠭᠠᠴᠠᠭᠠᠨ ᠤ ︽ᠬᠤᠶᠠᠷ ᠵᠥᠪᠯᠡᠯ︾᠎ ᠳᠤ ᠨᠣᠮ ᠪᠢᠴᠢᠭ ᠢ ᠲᠠᠨᠢᠯᠴᠠᠭᠤᠯᠬᠤ ᠶᠢᠨ ᠬᠠᠮᠲᠤ ᠣᠯᠠᠨ ᠢ ᠳᠠᠭᠠᠭᠤᠯᠤᠨ ᠨᠠᠷᠢᠨ ᠬᠢᠨᠠᠮᠠᠭᠠᠢ ᠤᠩᠰᠢᠭᠤᠯᠵᠤ᠂ ᠨᠣᠮ ᠪᠢᠴᠢᠭ ᠲᠠᠬᠢ ᠰᠠᠶᠢᠨ ᠦᠭᠡ᠂ ᠰᠠᠶᠢᠨ ᠥᠭᠦᠯᠡᠪᠦᠷᠢ ᠶᠢ ᠰᠣᠩᠭᠤᠨ ᠠᠪᠴᠤ᠂ ᠣᠯᠠᠨ ᠢ ᠵᠣᠷᠢᠭᠵᠢᠭᠤᠯᠤᠨ ︽ᠨᠣᠮ ᠤᠩᠰᠢᠬᠤ ᠳᠤᠷᠠᠲᠠᠢ᠂ ᠰᠠᠶᠢᠨ ᠨᠣᠮ ᠤᠩᠰᠢᠵᠤ᠂ ᠨᠣᠮ ᠤᠩᠰᠢᠬᠤ ᠳᠠᠭᠠᠨ ᠴᠢᠳᠠᠮᠠᠭᠠᠢ︾ ᠭᠡᠬᠦ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ᠲᠡᠳᠡᠨ ᠢ ᠬᠥᠲᠥᠯᠥᠨ ᠵᠢᠯᠣᠭᠤᠳᠴᠤ ᠪᠠᠶᠢᠭᠠᠳ ᠭᠠᠷ ᠤᠲᠠᠰᠤ ᠪᠠᠨ ᠲᠠᠯᠪᠢᠵᠤ ᠤᠩᠰᠢᠯᠭ᠎ᠠ ᠶᠢᠨ ᠶᠢᠷᠲᠢᠨᠴᠦ ᠳᠤ ᠣᠷᠣᠭᠤᠯᠵᠤ᠂ ᠨᠣᠮ ᠤᠩᠰᠢᠬᠤ ᠶᠢ ᠰᠠᠭᠤᠭᠠᠯᠢ ᠠᠷᠠᠳ ᠤᠨ ᠠᠮᠢᠳᠤᠷᠠᠯ ᠤᠨ ᠳᠤᠮᠳᠠᠬᠢ ᠡᠩ ᠤᠨ ᠶᠠᠪᠤᠳᠠᠯ ᠪᠣᠯᠭᠠᠬᠤ ᠶᠢ ᠵᠣᠷᠢᠭᠵᠢᠭᠤᠯᠪᠠ᠃    ᠣᠯᠠᠨ ᠢᠶᠠᠷ ᠢᠶᠠᠨ ᠥᠪᠡᠷ ᠤᠨ ᠳᠤᠷᠠᠲᠠᠢ ᠨᠣᠮ ᠪᠢᠴᠢᠭ ᠢᠶᠠᠨ ᠬᠠᠷᠢᠯᠴᠠᠨ ᠲᠠᠨᠢᠯᠴᠠᠭᠤᠯᠤᠭᠰᠠᠨ ᠪᠥᠭᠡᠳ ᠨᠣᠮ ᠤᠩᠰᠢᠭᠰᠠᠨ ᠲᠥᠷᠥᠭᠳᠡᠯ ᠢᠶᠠᠨ ᠬᠤᠪᠢᠶᠠᠯᠴᠠᠵᠤ᠂ ᠥᠪᠡᠷ ᠤᠨ ᠠᠵᠢᠯ ᠤᠨ ᠪᠠᠶᠢᠷᠢ᠂ ᠥᠰᠦᠨ ᠪᠤᠶᠢᠵᠢᠭᠰᠠᠨ ᠥᠩᠭᠡᠷᠡᠯᠲᠡ ᠪᠠ ᠠᠮᠢᠳᠤᠷᠠᠯ ᠤᠨ ᠣᠶᠢᠯᠠᠭᠠᠯᠲᠠ ᠪᠠᠨ ᠠᠭᠤᠵᠢᠷᠠᠲᠠᠯ᠎ᠠ ᠶᠠᠷᠢᠯᠴᠠᠵᠤ᠂ ᠥᠪᠡᠷ ᠤᠨ ᠨᠣᠮ ᠤᠩᠰᠢᠭᠰᠠᠨ ᠣᠯᠤᠯᠲᠠ ᠪᠠᠨ ᠠᠭᠤᠵᠢᠷᠠᠲᠠᠯ᠎ᠠ ᠶᠠᠷᠢᠯᠴᠠᠵᠤ᠂ ᠨᠣᠮ ᠳᠡᠪᠲᠡᠷ ᠠᠴᠠ ᠪᠣᠳᠠᠲᠤ ᠪᠠᠶᠢᠳᠠᠯ ᠤᠨ ᠳᠤᠮᠳᠠ ᠬᠦᠷᠲᠡᠯ᠎ᠡ ᠶᠠᠷᠢᠵᠤ᠂ ᠬᠠᠭᠤᠳᠠᠰᠤ ᠠᠴᠠ ᠠᠮᠢᠳᠤᠷᠠᠯ ᠬᠦᠷᠲᠡᠯ᠎ᠡ ᠶᠠᠷᠢᠵᠤ᠂ ᠣᠯᠠᠨ ᠢᠶᠠᠷ ᠢᠶᠠᠨ ᠥᠪᠡᠷ ᠥᠪᠡᠷ ᠤᠨ ᠨᠣᠮ ᠤᠩᠰᠢᠬᠤ ᠪᠠᠶᠠᠷ ᠪᠠᠭ᠋ᠠᠳᠤᠯ ᠢᠶᠠᠨ ᠬᠤᠪᠢᠶᠠᠯᠴᠠᠵᠤ᠂ ᠨᠣᠮ ᠤᠩᠰᠢᠬᠤ ᠳᠤᠮᠳᠠ ᠮᠡᠳᠡᠯᠭᠡ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠪᠠᠶᠠᠷ ᠬᠦᠷ ᠲᠠᠢ ᠪᠠᠶᠢᠯ᠎ᠠ᠃    ᠲᠤᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠪᠠ ᠭᠠᠴᠠᠭᠠᠨ ᠤ ︽ᠬᠤᠶᠠᠷ ᠵᠥᠪᠯᠡᠯ︾᠎ ᠤᠨ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠳᠤ ᠣᠷᠣᠯᠴᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠬᠠᠷᠢᠶᠠᠲᠤ ᠣᠷᠣᠨ ᠳᠤ ᠪᠦᠬᠦ ᠠᠷᠠᠳ ᠤᠨ ᠤᠩᠰᠢᠯᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ᠃ ᠬᠤᠶᠢᠰᠢᠳᠠ ᠳᠥᠷᠥᠯᠵᠢ ᠪᠠᠯᠭᠠᠰᠤ ᠦᠷᠭᠦᠯᠵᠢᠯᠡᠨ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠤᠩᠰᠢᠯᠭ᠎ᠠ ᠪᠠᠷ ᠰᠣᠩᠭᠤᠳᠠᠭ ᠵᠣᠬᠢᠶᠠᠯ ᠢ ᠤᠯᠠᠮᠵᠢᠯᠠᠨ ᠵᠠᠯᠭᠠᠮᠵᠢᠯᠠᠵᠤ᠂ ᠦᠵᠡᠯ ᠰᠠᠨᠠᠭ᠎ᠠ ᠪᠠᠨ ᠰᠣᠯᠢᠯᠴᠠᠨ ᠮᠥᠷᠭᠦᠯᠳᠦᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠵᠢᠴᠢ ᠭᠠᠴᠠᠭᠠᠨ ᠤ ︽ᠬᠤᠶᠠᠷ ᠵᠥᠪᠯᠡᠯ︾᠎ ᠤᠨ ᠣᠶᠤᠨ ᠤ ᠰᠣᠶᠣᠯ ᠤᠨ ᠶᠢᠷᠲᠢᠨᠴᠦ ᠶᠢ ᠪᠠᠶᠠᠯᠢᠭᠵᠢᠭᠤᠯᠵᠤ᠂ ᠤᠩᠰᠢᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号