ᠳᠥᠷᠥᠯᠵᠢ ᠪᠠᠯᠭᠠᠰᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠳᠣᠯᠣᠳᠤᠭᠠᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/17
    4 ᠰᠠᠷ᠎ᠠ ᠶᠢᠨ 15᠎ ᠤ ᠡᠳᠦᠷ᠂ ᠳᠥᠷᠥᠯᠵᠢ ᠪᠠᠯᠭᠠᠰᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠳᠣᠯᠣᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠨ ᠹᠧᠩ ᠬᠤᠷᠠᠯ ᠢ ᠡᠷᠬᠢᠯᠡᠵᠦ᠂ ᠪᠠᠯᠭᠠᠰᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ ︽ᠰᠢ ᠶᠢᠨ ᠫᠢᠩ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠬᠤ ᠲᠤᠬᠠᠢ ᠥᠭᠦᠯᠡᠬᠦ ᠨᠢ ︵2024 ᠣᠨ︶︾᠂ ︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ︾ ︵ᠠᠮᠢ ᠠᠬᠤᠢ ᠶᠢ ᠬᠥᠭᠵᠢᠭᠦᠯᠪᠡᠯ ᠪᠣᠯᠪᠠᠰᠤᠨ ᠢ ᠮᠠᠨᠳᠤᠭᠤᠯᠤᠨ᠎ᠠ︶᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ︵ᠬᠤᠶᠠᠳᠤᠭᠠᠷ ᠪᠦᠯᠦᠭ ᠰᠠᠬᠢᠯᠭ᠎ᠠ ᠪᠠᠲᠤ ᠶᠢ ᠵᠥᠷᠢᠴᠡᠭᠰᠡᠨ ᠪᠠ ᠰᠠᠬᠢᠯᠭ᠎ᠠ ᠪᠠᠲᠤ ᠶᠢᠨ ᠰᠢᠢᠳᠬᠡᠯ ᠥᠭᠪᠡ︶᠎ ᠢ ᠲᠥᠪᠯᠡᠷᠡᠭᠦᠯᠦᠨ ᠰᠤᠷᠤᠯᠴᠠᠪᠠ᠃    ᠬᠤᠷᠠᠯ ᠠᠴᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯ ᠣᠳᠣ ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠡᠭᠦᠷᠢᠳᠡ ᠠᠰᠢᠭ ᠲᠤᠰᠠ ᠲᠠᠢ ᠦᠢᠯᠡᠰ ᠪᠣᠯᠤᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠥᠷᠥᠯᠵᠢ ᠪᠠᠯᠭᠠᠰᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠯᠡᠰᠦᠷᠬᠡᠭ ᠭᠠᠵᠠᠷ ᠢ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃    ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠲᠦᠭᠡᠯᠴᠢ ᠴᠢᠨᠠᠷᠲᠠᠢ ᠪᠠᠷ ᠰᠠᠶᠢᠲᠤᠷ ᠠᠳᠬᠤᠬᠤ ᠬᠡᠷᠡᠭᠲᠡᠢ᠃    ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠰᠠᠬᠢᠵᠤ᠂ ᠥᠨᠳᠥᠷ ᠲᠦᠪᠰᠢᠨ ᠪᠦᠬᠦᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ︽ᠬᠥᠭᠵᠢᠯᠲᠡ ᠶᠢᠨ ᠳᠤᠮᠳᠠ ᠬᠠᠮᠠᠭᠠᠯᠠᠵᠤ᠂ ᠬᠠᠮᠠᠭᠠᠯᠠᠬᠤ ᠳᠤᠮᠳᠠ ᠬᠥᠭᠵᠢᠭᠦᠯᠬᠦ︾ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ︽ᠳᠥᠷᠪᠡ ᠶᠢ ᠴᠠᠭᠠᠵᠠᠯᠠᠬᠤ︾ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠨ᠎ᠠ᠃    ᠪᠣᠬᠢᠷᠲᠤᠯ ᠦᠭᠡᠢ ᠠᠭᠤᠯᠬᠤᠨ ᠢ ᠵᠤᠵᠠᠭᠠᠳᠬᠠᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠣᠢ ᠪᠣᠯᠭᠠᠬᠤ ᠪᠠ ᠪᠦᠬᠦ ᠲᠠᠯ᠎ᠠ ᠪᠠᠷ ᠦᠢᠯᠡᠳᠦᠯᠭᠡᠵᠢᠭᠦᠯᠵᠦ᠂ ︽ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ︾ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠠᠮᠢ ᠠᠬᠤᠢ ᠶᠢᠨ ᠭᠡᠷ ᠣᠷᠣᠨ ᠢ ᠲᠦᠷᠭᠡᠳᠬᠡᠨ ᠪᠠᠶᠢᠭᠤᠯᠬᠤ ᠪᠠ ᠬᠥᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号