︽ᠨᠠᠮ ᠤᠨ ᠳᠠᠭᠤᠨ ᠲᠦᠮᠡᠨ ᠠᠶᠢᠯ ᠳᠤ ᠣᠷᠣᠬᠤ︾ ᠠᠵᠢᠯᠯᠠᠭ᠎ᠠ ᠤᠰᠤᠨ ᠭᠠᠴᠠᠭ᠎ᠠ ᠳᠤ ᠬᠦᠷᠴᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/4/17
   ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠤᠨ ᠳᠠᠭᠤᠨ ᠢ ᠲᠦᠭ ᠲᠦᠮᠡᠨ ᠠᠶᠢᠯ ᠡᠷᠦᠬᠡ ᠳᠤ ᠬᠦᠷᠭᠡᠬᠦ ᠶᠢ ᠠᠬᠢᠭᠤᠯᠵᠤ᠂ ᠭᠠᠴᠠᠭᠠᠨ ᠤ ᠨᠠᠮ ᠤᠨ ᠭᠡᠰᠢᠭᠦᠨ᠂ ᠣᠯᠠᠨ ᠲᠦᠮᠡᠨ ᠤ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 15᠎ ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠬᠠᠤᠯᠢ ᠴᠠᠭᠠᠵᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠮᠣᠩᠭᠤᠯ ᠡᠮᠨᠡᠯᠭᠡ ᠶᠢᠨ ᠬᠤᠷᠢ᠊ ᠡᠶ᠎ᠡ ᠲᠠᠢ ᠬᠠᠮᠲᠤᠷᠠᠨ ᠪᠠᠶᠠᠨᠬᠤᠰᠢᠭᠤ ᠪᠠᠯᠭᠠᠰᠤᠨ ᠤ ᠤᠰᠤᠨ ᠭᠠᠴᠠᠭ᠎ᠠ ᠳᠤ ᠬᠦᠷᠴᠦ ︽ᠨᠠᠮ ᠤᠨ ᠳᠠᠭᠤᠨ ᠢ ᠲᠦᠮᠡᠨ ᠡᠷᠦᠬᠡ ᠳᠤ ᠣᠷᠣᠭᠤᠯᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠦᠨᠡᠨ ᠰᠡᠳᠬᠢᠯ ᠤᠨ ᠦᠢᠯᠡᠴᠢᠯᠡᠭᠡ ᠪᠠᠷ ᠬᠥᠮᠦᠰ ᠤᠨ ᠰᠡᠳᠬᠢᠯ ᠢ ᠳᠤᠯᠠᠭᠠᠴᠠᠭᠤᠯᠵᠤ᠂ ᠠᠷᠠᠳ ᠤᠨ ᠰᠡᠳᠬᠢᠯ ᠢ ᠨᠢᠭᠲᠠᠷᠠᠭᠤᠯᠵᠤ᠂ ᠰᠡᠳᠬᠢᠯ ᠰᠠᠨᠠᠭ᠎ᠠ ᠪᠠᠨ ᠨᠢᠭᠡᠳᠬᠡᠵᠡᠢ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠮᠠᠷᠠᠲᠤ ᠬᠢᠯᠢ ᠶᠢᠨ ᠪᠠᠲᠤᠴᠠᠭᠠᠨ ᠤ ᠤᠷᠠᠯᠢᠭ ᠤᠨ ᠪᠦᠯᠬᠦᠮ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠬᠤᠯᠪᠣᠭ᠎ᠠ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠨ᠎ᠠ︾᠂ ᠮᠣᠷᠢᠨ ᠬᠤᠭᠤᠷ ᠤᠨ ᠨᠠᠶᠢᠷᠠᠯ ᠬᠥᠭᠵᠢᠮ ︽ᠲᠦᠮᠡᠨ ᠠᠭᠲᠠ ᠶᠢᠨ ᠲᠦᠪᠡᠷᠭᠡᠨ ︾ ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠠᠪᠴᠢᠷᠠᠵᠤ᠂ ᠣᠯᠠᠨ ᠲᠦᠮᠡᠨ ᠤ ᠨᠢᠵᠢᠭᠢᠨᠡᠲᠡᠯ᠎ᠡ ᠠᠯᠠᠭ᠎ᠠ ᠲᠠᠰᠢᠯᠲᠠ ᠶᠢ ᠣᠯᠤᠭᠰᠠᠨ ᠤ ᠬᠠᠮᠲᠤ᠂ ᠤᠰᠤᠨ ᠭᠠᠴᠠᠭᠠᠨ ᠤ ᠨᠠᠶᠢᠷᠠᠯ ᠳᠠᠭᠤᠤ ᠶᠢᠨ ᠪᠦᠯᠬᠦᠮ ᠨᠢ ᠴᠦ ᠣᠯᠠᠨ ᠳᠤ ︽ᠲᠠᠯ᠎ᠠ ᠨᠤᠲᠤᠭ ᠲᠤ ᠮᠥᠩᠬᠡ ᠶᠢᠨ ᠨᠠᠷᠠᠨ ᠮᠠᠨᠳᠤᠯ᠎ᠠ︾᠂ ︽ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ︾᠂ ᠡᠯ᠎ᠡ ᠲᠥᠷᠥᠯ ᠤᠨ ᠭᠤᠶᠢᠳᠠ ᠰᠠᠶᠢᠬᠠᠨ ᠲᠣᠭᠯᠠᠯᠲᠠ ᠶᠢ ᠵᠠᠯᠭᠠᠭ᠎ᠠ ᠪᠠᠷ ᠲᠣᠭᠯᠠᠵᠤ᠂ ᠲᠣᠰᠬᠤᠨ ᠤ ᠠᠷᠠᠳ ᠲᠤ ᠨᠢᠭᠡ ᠤᠳᠠᠭᠠᠨ ᠤ ᠭᠤᠶᠢᠳᠠ ᠰᠠᠶᠢᠬᠠᠨ ᠬᠠᠷᠠᠭ᠎ᠠ ᠰᠣᠨᠣᠷ ᠤᠨ ᠦᠪᠡᠳᠡᠭᠰᠢ ᠨᠠᠶᠢᠷ ᠢ ᠬᠦᠷᠭᠡᠪᠡ᠃    ᠠᠵᠢᠯᠯᠠᠭᠠᠨ ᠤ ᠠᠭᠤᠳᠠᠮ ᠲᠠᠯᠠᠪᠠᠢ ᠳᠤ᠂ ᠮᠣᠩᠭᠤᠯ ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢ ᠰᠠᠶᠢᠨ ᠳᠤᠷᠠᠴᠤᠳ ᠰᠠᠭᠤᠭᠠᠯᠢ ᠠᠷᠠᠳ ᠲᠤ ᠴᠢᠰᠤᠨ ᠳᠠᠷᠤᠯᠲᠠ᠂ ᠴᠢᠰᠤᠨ ᠰᠢᠬᠢᠷ ᠢ ᠬᠡᠮᠵᠢᠬᠦ ᠵᠡᠷᠭᠡ ᠦᠢᠯᠡᠴᠢᠯᠡᠭᠡ ᠬᠠᠩᠭᠠᠵᠤ᠂ ᠠᠮᠢᠳᠤᠯᠢᠭ ᠦᠭᠡ ᠬᠡᠯᠡ ᠪᠠᠷ ᠰᠠᠭᠤᠭᠠᠯᠢ ᠠᠷᠠᠳ ᠲᠤ ᠦᠷᠭᠦᠯᠵᠢ ᠬᠠᠷᠠᠭᠳᠠᠳᠠᠭ᠂ ᠣᠯᠠᠨ ᠤ ᠤᠳᠠᠭᠠᠨ ᠴᠢᠨᠠᠷᠲᠠᠢ ᠡᠪᠡᠳᠴᠢᠨ ᠢ ᠵᠣᠪᠠᠭᠠᠵᠤ᠂ ᠢᠳᠡᠭᠡᠨ ᠤᠮᠳᠠᠭᠠᠨ᠂ ᠪᠡᠶ᠎ᠡ ᠶᠢᠨ ᠲᠠᠮᠢᠷ᠂ ᠡᠮ ᠬᠡᠷᠡᠭᠯᠡᠬᠦ ᠵᠡᠷᠭᠡ ᠲᠠᠯ᠎ᠠ ᠪᠠᠷ ᠡᠷᠡᠭᠦᠯ ᠮᠡᠨᠳᠦ ᠶᠢᠨ ᠬᠠᠮᠢᠶᠠᠷᠤᠯᠲᠠ ᠶᠢ ᠬᠡᠷᠬᠢᠨ ᠬᠢᠬᠦ ᠲᠤᠬᠠᠢ ᠲᠠᠨᠢᠯᠴᠠᠭᠤᠯᠪᠠ᠃ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠴᠢ ᠣᠯᠠᠨ ᠲᠦᠮᠡᠨ ᠲᠠᠢ ᠨᠢᠭᠤᠷᠳᠠᠨ ᠶᠠᠷᠢᠯᠴᠠᠵᠤ᠂ ᠣᠯᠠᠨ ᠲᠦᠮᠡᠨ ᠳᠤ ︽ᠢᠷᠭᠡᠨ ᠤ ᠬᠠᠤᠯᠢ ᠶᠢᠨ ᠪᠢᠴᠢᠭ︾᠂ ︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾᠂ ︽ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠬᠠᠤᠯᠢ︾᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠠᠭᠤᠳᠠᠰᠤ ᠶᠢ ᠡᠰᠡᠷᠭᠦᠴᠡᠬᠦ ᠵᠡᠷᠭᠡ ᠮᠠᠲ᠋ᠧᠷᠢᠶᠠᠯ ᠢ ᠲᠠᠷᠬᠠᠭᠠᠵᠤ᠂ ᠣᠯᠠᠨ ᠲᠦᠮᠡᠨ ᠳᠤ ᠮᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠪᠡ᠃ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷᠠᠴᠤᠳ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠰᠡᠵᠢᠭ ᠢ ᠲᠠᠶᠢᠯᠵᠤ ᠲᠥᠭᠡᠷᠢᠭᠳᠡᠯ ᠢ ᠲᠠᠶᠢᠯᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ ᠤ ᠬᠡᠷᠬᠢᠨ ᠦᠷ᠎ᠡ ᠰᠣᠩᠭᠤᠬᠤ᠂ ᠬᠥᠷᠥᠰᠥ ᠰᠢᠷᠣᠢ ᠶᠢ ᠬᠠᠮᠢᠶᠠᠷᠬᠤ ᠪᠠ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠵᠢᠯᠣᠭᠤᠳᠤᠨ ᠵᠢᠯᠣᠭᠤᠳᠴᠤ᠂ ᠮᠠᠯᠴᠢᠨ ᠲᠠᠷᠢᠶᠠᠴᠢᠨ ᠨᠠᠶᠢᠵᠠ ᠨᠠᠷ ᠲᠤ ᠭᠠᠵᠠᠷ ᠲᠠᠷᠢᠬᠤ ᠮᠡᠷᠭᠡᠵᠢᠯ ᠢ ᠡᠵᠡᠮᠰᠢᠭᠦᠯᠵᠦ᠂ ᠠᠷᠠᠳ ᠲᠤ ᠦᠨᠡᠨ ᠬᠦ ᠪᠣᠳᠠᠲᠠᠢ ᠶᠠᠪᠤᠳᠠᠯ᠂ ᠰᠠᠶᠢᠨ ᠶᠠᠪᠤᠳᠠᠯ ᠬᠢᠵᠦ᠂ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠠᠢ᠃    ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠢᠮᠠᠭᠲᠠ ᠬᠤᠪᠢ ᠨᠡᠮᠡᠷᠢ ᠦᠵᠡᠭᠦᠯᠬᠦ᠂ ᠨᠥᠬᠦᠷᠰᠡᠭ ᠢᠶᠠᠷ ᠬᠠᠶᠢᠷᠠᠯᠠᠬᠤ᠂ ᠬᠠᠷᠢᠯᠴᠠᠨ ᠬᠠᠪᠰᠤᠷᠤᠯᠴᠠᠬᠤ᠂ ᠤᠷᠤᠭᠰᠢᠯᠠᠨ ᠳᠠᠪᠰᠢᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠷᠢᠰ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠯᠠᠨ ᠲᠦᠮᠡᠨ ᠤ ᠨᠢᠭᠲᠠᠷᠠᠯ ᠤᠨ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号