ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠯᠪᠠᠨ ᠭᠡᠷᠡᠴᠢᠯᠡᠭᠡ ᠶᠢᠨ ᠭᠠᠵᠠᠷ ︽ᠦᠨᠡᠨᠴᠢ ᠢᠲᠡᠭᠡᠮᠵᠢ ᠶᠢᠨ ᠠᠯᠪᠠᠨ ᠭᠡᠷᠡᠴᠢᠯᠡᠭᠡ︾᠎ ᠶᠢᠨ ᠠᠯᠲᠠᠨ ᠦᠰᠦᠭᠲᠦ ᠫᠠᠶᠢᠰᠠ ᠶᠢ ᠪᠣᠢ ᠪᠣᠯᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/4/17
   ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠵᠢᠴᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮᠢᠶ᠎ᠠ ᠪᠦᠬᠦᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠯᠪᠠᠨ ᠭᠡᠷᠡᠴᠢᠯᠡᠭᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠦᠷᠢᠶᠡᠨ ᠳᠠᠬᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢ ᠲᠦᠷᠭᠡᠨ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠦᠨᠡᠨᠴᠢ ᠢᠲᠡᠭᠡᠮᠵᠢ ᠶᠢᠨ ᠭᠤᠣᠯ ᠴᠣᠭᠴᠠ ᠳᠤ ᠨᠡᠩ ᠣᠯᠠᠨ ᠥᠨᠳᠥᠷ ᠪᠦᠲᠦᠮᠵᠢᠲᠡᠢ ᠪᠥᠭᠡᠳ ᠬᠠᠷᠠᠭᠠᠯᠵᠠᠯ ᠲᠠᠢ ᠠᠯᠪᠠᠨ ᠭᠡᠷᠡᠴᠢᠯᠡᠭᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠦᠷᠲᠡᠭᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠯᠪᠠᠨ ᠭᠡᠷᠡᠴᠢᠯᠡᠭᠡ ᠶᠢᠨ ᠭᠠᠵᠠᠷ ᠠᠯᠪᠠᠨ ᠭᠡᠷᠡᠴᠢᠯᠡᠭᠡ ᠶᠢᠨ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠤᠨ᠂ ᠲᠤᠰ ᠪᠡᠶ᠎ᠡ ᠶᠢᠨ ᠠᠵᠢᠯ ᠤᠨ ᠦᠢᠯᠡᠳᠦᠯᠭᠡ ᠬᠢᠭᠡᠳ ᠠᠯᠪᠠᠨ ᠭᠡᠷᠡᠴᠢᠯᠡᠭᠡ ᠶᠢᠨ ᠣᠳᠣᠬᠢ ᠪᠠᠶᠢᠳᠠᠯ ᠢ ᠬᠠᠷᠢᠯᠴᠠᠨ ᠤᠶᠠᠯᠳᠤᠭᠤᠯᠵᠤ᠂ ︽ᠦᠨᠡᠨᠴᠢ ᠢᠲᠡᠭᠡᠮᠵᠢ ᠶᠢᠨ ᠠᠯᠪᠠᠨ ᠭᠡᠷᠡᠴᠢᠯᠡᠭᠡ ᠶᠢᠨ ᠦᠢᠯᠡᠴᠢᠯᠡᠭᠡ︾᠎ ᠶᠢᠨ ᠲᠣᠭᠲᠠᠴᠠ ᠶᠢ ᠢᠳᠡᠪᠬᠢᠲᠡᠢ ᠪᠠᠶᠢᠭᠤᠯᠵᠤ᠂ ᠨᠡᠩ ᠣᠯᠠᠨ ᠦᠨᠡᠨᠴᠢ ᠢᠲᠡᠭᠡᠮᠵᠢ ᠶᠢᠨ ᠭᠤᠣᠯ ᠴᠣᠭᠴᠠ ᠳᠤ ᠢᠲᠡᠭᠡᠮᠵᠢ ᠶᠢᠨ ᠠᠰᠢᠭ ᠲᠤᠰᠠ ᠬᠦᠷᠲᠡᠭᠡᠵᠦ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠳᠡᠭᠡᠭᠰᠢᠯᠡᠭᠦᠯᠦᠨ᠂ ᠰᠢᠯᠢᠳᠡᠭ ᠰᠠᠶᠢᠨ ᠢᠲᠡᠭᠡᠮᠵᠢ ᠶᠢᠨ ᠣᠷᠴᠢᠨ ᠲᠣᠭᠤᠷᠢᠨ ᠢ ᠪᠤᠢ ᠪᠣᠯᠭᠠᠨ᠎ᠠ᠃    ᠦᠨᠡᠨᠴᠢ ᠢᠲᠡᠭᠡᠮᠵᠢ ᠶᠢᠨ ᠠᠯᠪᠠᠨ ᠭᠡᠷᠡᠴᠢᠯᠡᠭᠡ ᠶᠢᠨ ᠦᠢᠯᠡᠴᠢᠯᠡᠭᠡ ᠶᠢ ᠶᠡᠭᠡ ᠲᠢᠩᠬᠢᠮ ᠳᠤ ᠣᠷᠣᠭᠤᠯᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠠᠯᠪᠠᠨ ᠭᠡᠷᠡᠴᠢᠯᠡᠭᠡ ᠶᠢᠨ ᠦᠢᠯᠡᠴᠢᠯᠡᠭᠡ ᠶᠢ ᠭᠦᠨᠵᠡᠭᠡᠶᠢᠷᠡᠭᠦᠯᠦᠨ᠎ᠡ᠃ ᠣᠳᠣ ᠶᠢᠨ ᠪᠠᠶᠢᠭ᠎ᠠ ᠠᠯᠪᠠᠨ ᠭᠡᠷᠡᠴᠢᠯᠡᠭᠡ ᠶᠢᠨ ᠶᠡᠭᠡ ᠲᠢᠩᠬᠢᠮ ᠤᠨ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠭᠦᠢᠴᠡᠳ ᠠᠰᠢᠭᠯᠠᠬᠤ ᠶᠢᠨ ᠬᠠᠮᠲᠤ ︽ᠬᠠᠤᠯᠢ ᠴᠠᠭᠠᠵᠠ ᠶᠢ ᠲᠠᠯᠠᠪᠠᠢ ᠳᠤ ᠬᠦᠷᠭᠡᠬᠦ︾᠎ ᠪᠠᠷ ᠳᠠᠮᠵᠢᠭᠤᠯᠤᠨ ᠠᠯᠪᠠᠨ ᠭᠡᠷᠡᠴᠢᠯᠡᠭᠡ ᠶᠢᠨ ᠬᠠᠤᠯᠢ ᠴᠠᠭᠠᠵᠠ ᠶᠢᠨ ᠯᠠᠪᠯᠠᠯᠭ᠎ᠠ ᠶᠢ ᠥᠷᠨᠢᠭᠦᠯᠵᠦ᠂ ᠣᠯᠠᠨ ᠲᠦᠮᠡᠨ ᠳᠤ ᠭᠡᠷᠢᠶᠡᠰ᠂ ᠪᠠᠭ᠎ᠠ ᠲᠣᠭᠠᠨ ᠤ ᠵᠠᠯᠭᠠᠮᠵᠢᠯᠠᠯ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠲᠦᠮᠡᠨ ᠢ ᠢᠳᠡᠪᠬᠢᠲᠡᠢ ᠪᠠᠷ ᠬᠥᠲᠥᠯᠥᠨ ᠵᠢᠯᠣᠭᠤᠳᠴᠤ ᠪᠠᠶᠢᠭᠠᠳ ᠦᠨᠡᠨᠴᠢ ᠢᠲᠡᠭᠡᠮᠵᠢ ᠶᠢᠨ ᠠᠯᠪᠠᠨ ᠭᠡᠷᠡᠴᠢᠯᠡᠭᠡ ᠬᠢᠯᠭᠡᠬᠦ ᠪᠠᠷ ᠳᠠᠮᠵᠢᠭᠤᠯᠤᠨ᠂ ᠬᠠᠤᠯᠢ ᠶᠢ ᠰᠠᠬᠢᠵᠤ ᠬᠠᠤᠯᠢ ᠶᠢ ᠬᠡᠷᠡᠭᠯᠡᠬᠦ ᠶᠢ ᠪᠠᠷᠢᠮᠲᠠᠯᠠᠨ᠎ᠠ᠃ 4 ᠰᠠᠷ᠎ᠠ ᠶᠢᠨ 16᠎ ᠤ ᠡᠳᠦᠷ ᠪᠣᠯᠲᠠᠯ᠎ᠠ᠂ ᠠᠯᠪᠠᠨ ᠭᠡᠷᠡᠴᠢᠯᠡᠭᠡ ᠶᠢᠨ ᠭᠠᠵᠠᠷ ᠤᠨ ᠬᠢᠨ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠳᠤ 2 ᠤᠳᠠᠭ᠎ᠠ ᠣᠷᠣᠯᠴᠠᠵᠤ᠂ ᠤᠬᠠᠭᠤᠯᠭ᠎ᠠ ᠶᠢᠨ ᠬᠠᠭᠤᠳᠠᠰᠤ 400 ᠭᠠᠷᠤᠢ ᠳᠡᠪᠲᠡᠷ ᠲᠠᠷᠬᠠᠭᠠᠵᠤ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠶᠢᠨ ᠬᠠᠮᠤᠷᠬᠤ ᠬᠡᠪᠴᠢᠶ᠎ᠡ ᠶᠢ ᠪᠦᠲᠦᠮᠵᠢᠲᠡᠢ ᠥᠷᠭᠡᠳᠬᠡᠵᠦ ᠂ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠢ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠪᠠ᠃    2024 ᠣᠨ ᠤ 4 ᠰᠠᠷ᠎ᠠ ᠶᠢᠨ 16᠎ ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠯᠪᠠᠨ ᠭᠡᠷᠡᠴᠢᠯᠡᠭᠡ ᠶᠢᠨ ᠭᠠᠵᠠᠷ ᠠᠴᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠰᠤᠭ ᠤᠨ ᠳᠠᠷᠤᠭ᠎ᠠ ᠪᠦᠦ ᠶᠢᠨ ᠯᠢᠶᠠᠩ ᠢ ᠤᠷᠢᠵᠤ ᠬᠤᠷᠠᠯ ᠳᠤ ᠣᠷᠣᠯᠴᠠᠭᠤᠯᠵᠤ᠂ ᠠᠯᠪᠠᠨ ᠭᠡᠷᠡᠴᠢᠯᠡᠭᠴᠢ ᠨᠡᠷ ᠬᠠᠮᠲᠤ ᠪᠠᠷ ᠣᠷᠣᠯᠴᠠᠪᠠ᠃ ᠬᠤᠷᠠᠯ ᠠᠴᠠ ᠤᠷᠢᠳᠠᠪᠠᠷ ᠠᠯᠪᠠᠨ ᠭᠡᠷᠡᠴᠢᠯᠡᠭᠡ ᠬᠢᠭᠴᠢ ᠶᠢᠨ ᠬᠠᠢ ᠪᠢᠨ ᠪᠦᠬᠦ ᠠᠯᠪᠠᠨ ᠭᠡᠷᠡᠴᠢᠯᠡᠭᠴᠢ ᠶᠢ ᠳᠠᠭᠠᠭᠤᠯᠤᠨ ︽ᠠᠯᠪᠠᠨ ᠭᠡᠷᠡᠴᠢᠯᠡᠭᠴᠢ ᠶᠢᠨ ᠠᠵᠢᠯ ᠡᠷᠬᠢᠯᠡᠬᠦ ᠬᠠᠮᠢᠶᠠᠷᠤᠯᠲᠠ ᠶᠢᠨ ᠠᠷᠭ᠎ᠠ︾᠎ ᠶᠢ ᠳᠠᠬᠢᠨ ᠰᠤᠷᠤᠯᠴᠠᠵᠤ᠂ ᠳᠠᠬᠢᠨ ᠨᠠᠶᠢᠳᠠᠪᠤᠷᠢᠵᠢᠭᠤᠯᠤᠨ᠂ ᠳᠠᠬᠢᠨ ᠳᠡᠭᠡᠭᠰᠢᠯᠡᠭᠦᠯᠵᠦ᠂ ᠠᠯᠪᠠᠨ ᠭᠡᠷᠡᠴᠢᠯᠡᠭᠡ ᠶᠢᠨ ᠠᠵᠢᠯ ᠡᠷᠬᠢᠯᠡᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠠᠯᠪᠠᠨ ᠭᠡᠷᠡᠴᠢᠯᠡᠭᠡ ᠶᠢᠨ ᠬᠠᠤᠯᠢ ᠶᠣᠰᠣᠭᠠᠷ ᠦᠨᠡᠨᠴᠢ ᠢᠲᠡᠭᠡᠮᠵᠢᠲᠡᠢ ᠪᠠᠷ ᠠᠵᠢᠯ ᠡᠷᠬᠢᠯᠡᠬᠦ ᠦᠵᠡᠯ ᠤᠬᠠᠮᠰᠠᠷ ᠢ ᠴᠢᠩᠭᠠᠳᠬᠠᠵᠤ᠂ ᠠᠯᠪᠠᠨ ᠭᠡᠷᠡᠴᠢᠯᠡᠭᠡ ᠶᠢᠨ ᠠᠵᠢᠯᠲᠠᠨ ᠤ ᠦᠨᠡᠨᠴᠢ ᠢᠲᠡᠭᠡᠮᠵᠢ ᠶᠢᠨ ᠠᠵᠢᠯ ᠡᠷᠬᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠦᠨᠡᠨᠴᠢ ᠢᠲᠡᠭᠡᠮᠵᠢ ᠶᠢᠨ ᠰᠣᠶᠣᠯ ᠢ ᠤᠯᠠᠮᠵᠢᠯᠠᠬᠤ ᠨᠥᠯᠥᠭᠡᠯᠡᠬᠦ ᠬᠦᠴᠦᠨ ᠢ ᠳᠡᠭᠡᠭᠰᠢᠯᠡᠭᠦᠯᠪᠡ᠃ ᠠᠯᠪᠠᠨ ᠭᠡᠷᠡᠴᠢᠯᠡᠭᠡ ᠶᠢᠨ ᠭᠠᠵᠠᠷ ᠤᠨ ᠪᠦᠬᠦ ᠠᠵᠢᠯᠲᠠᠨ ︽ᠠᠯᠪᠠᠨ ᠭᠡᠷᠡᠴᠢᠯᠡᠭᠴᠢ ᠶᠢᠨ ᠦᠨᠡᠨᠴᠢ ᠢᠲᠡᠭᠡᠮᠵᠢᠲᠡᠢ ᠪᠠᠷ ᠠᠵᠢᠯ ᠡᠷᠬᠢᠯᠡᠬᠦ ᠠᠮᠠᠯᠠᠯᠲᠠ ᠶᠢᠨ ᠪᠢᠴᠢᠭ︾᠎ ᠲᠤ ᠭᠠᠷ ᠤᠨ ᠦᠰᠦᠭ ᠵᠢᠷᠤᠵᠤ᠂ ᠠᠯᠪᠠᠨ ᠭᠡᠷᠡᠴᠢᠯᠡᠭᠴᠢ ᠨᠢᠭᠡᠪᠦᠷᠢ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠡᠭᠡᠨ ᠡᠯ᠎ᠡ ᠵᠦᠢᠯ ᠤᠨ ᠮᠠᠲ᠋ᠧᠷᠢᠶᠠᠯ ᠢ ᠴᠢᠩᠭ᠎ᠠ ᠬᠠᠤᠯᠢ ᠶᠣᠰᠣᠭᠠᠷ᠂ ᠲᠣᠭᠲᠠᠭᠠᠯ ᠶᠣᠰᠣᠭᠠᠷ ᠬᠢᠨᠠᠨ ᠪᠠᠶᠢᠴᠠᠭᠠᠵᠤ᠂ ᠦᠨᠡᠨᠴᠢ ᠢᠲᠡᠭᠡᠮᠵᠢᠲᠡᠢ ᠪᠠᠷ ᠦᠨᠡᠮᠯᠡᠯ ᠭᠦᠢᠴᠡᠳᠬᠡᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号