ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠰᠢᠭᠦᠬᠦ ᠬᠤᠷᠢ᠊ ᠡᠶ᠎ᠡ ︽ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠲᠤᠰᠬᠠᠢ ᠰᠡᠳᠦᠪᠲᠦ ᠨᠡᠭᠡᠭᠡᠯᠲᠡ ᠶᠢᠨ ᠡᠳᠦᠷ ᠤᠨ ᠠᠵᠢᠯᠯᠠᠭ᠎ᠠ︾ ᠥᠷᠨᠢᠭᠦᠯᠪᠡ
ᠨᠡᠶᠢᠲᠡᠯᠡᠭᠰᠡᠨ ᠴᠠᠭ᠄
2024/4/17
   ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠤᠨ ᠬᠠᠤᠯᠢ ᠴᠠᠭᠠᠵᠠ ᠶᠢᠨ ᠪᠠᠲᠤᠯᠠᠭ᠎ᠠ ᠶᠢ ᠴᠢᠩᠭᠠᠳᠬᠠᠵᠤ᠂ ᠤᠷᠤᠭ ᠭᠡᠷ ᠪᠦᠯᠢ ᠶᠢᠨ ᠵᠢᠭᠤᠷᠠᠯᠳᠤᠭᠠᠨ ᠤ ᠢᠷᠡᠯᠲᠡ ᠶᠢ ᠵᠠᠰᠠᠬᠤ ᠠᠵᠢᠯ ᠢ ᠲᠦᠯᠬᠢᠨ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 16᠎ ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠰᠢᠭᠦᠬᠦ ᠬᠤᠷᠢ᠊ ᠡᠶ᠎ᠡ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠲᠠᠢ ᠬᠠᠮᠲᠤᠷᠠᠨ ︽ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠲᠤᠰᠬᠠᠢ ᠰᠡᠳᠦᠪᠲᠦ ᠨᠡᠭᠡᠭᠡᠯᠲᠡ ᠶᠢᠨ ᠡᠳᠦᠷ︾᠎ ᠤᠨ ᠠᠵᠢᠯᠯᠠᠭ᠎ᠠ ᠥᠷᠨᠢᠭᠦᠯᠪᠡ᠃    ᠲᠠᠶᠢᠯᠪᠤᠷᠢᠯᠠᠭᠴᠢ ᠶᠢᠨ ᠲᠠᠶᠢᠯᠤᠮᠵᠢ ᠪᠠ ᠵᠢᠯᠣᠭᠤᠳᠣᠯᠭ᠎ᠠ ᠶᠢ ᠳᠠᠭᠠᠯᠳᠤᠨ᠂ ᠤᠷᠢᠭᠳᠠᠭᠰᠠᠨ ᠲᠥᠯᠥᠭᠡᠯᠡᠭᠴᠢᠳ ᠰᠢᠭᠦᠬᠦ ᠬᠤᠷᠢᠶᠠᠨ ᠤ ᠵᠠᠷᠭᠤ ᠶᠢᠨ ᠦᠢᠯᠡᠴᠢᠯᠡᠭᠡᠨ ᠤ ᠶᠡᠭᠡ ᠲᠢᠩᠬᠢᠮ ᠢ ᠳᠡᠰ ᠳᠠᠷᠠᠭᠠᠯᠠᠨ ᠲᠣᠭᠤᠷᠢᠨ ᠦᠵᠡᠵᠦ᠂ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠵᠠᠷᠭᠤ ᠶᠢᠨ ᠦᠢᠯᠡᠴᠢᠯᠡᠭᠡᠨ ᠤ ᠲᠥᠪ ᠤᠨ ᠴᠣᠩᠬᠤᠨ ᠤ ᠡᠭᠦᠷᠭᠡ ᠬᠠᠷᠢᠭᠤᠴᠠᠯᠭ᠎ᠠ ᠪᠠ ᠬᠡᠷᠡᠭ ᠪᠣᠯᠭᠠᠨ ᠳᠠᠩᠰᠠᠯᠠᠬᠤ ᠶᠠᠪᠤᠴᠠ ᠶᠢ ᠨᠠᠷᠢᠨ ᠨᠢᠮᠪᠠᠢ ᠲᠠᠶᠢᠯᠪᠤᠷᠢᠯᠠᠵᠤ᠂ ᠤᠶᠤᠨᠲᠤ ᠲᠥᠬᠦᠭᠡᠷᠦᠮᠵᠢ ᠶᠢᠨ ᠦᠢᠯᠡᠳᠦᠯ ᠢ ᠲᠠᠨᠢᠯᠴᠠᠭᠤᠯᠵᠤ᠂ ᠳᠠᠷᠠᠭ᠎ᠠ ᠨᠢ ᠰᠢᠭᠦᠬᠦ ᠬᠤᠷᠢᠶᠠᠨ ᠤ ᠰᠢᠭᠦᠨ ᠲᠠᠰᠤᠯᠬᠤ ᠲᠢᠩᠬᠢᠮ ᠤᠨ ᠡᠯ᠎ᠡ ᠵᠦᠢᠯ ᠤᠨ ᠲᠥᠬᠦᠭᠡᠷᠦᠮᠵᠢ ᠶᠢ ᠳᠡᠯᠭᠡᠵᠦ ᠲᠠᠯᠪᠢᠭᠰᠠᠨ ᠪᠠᠶᠢᠳᠠᠯ᠂ ᠰᠢᠭᠦᠨ ᠲᠠᠰᠤᠯᠬᠤ ᠲᠢᠩᠬᠢᠮ ᠤᠨ ᠡᠯ᠎ᠡ ᠵᠦᠢᠯ ᠤᠨ ᠲᠥᠬᠦᠭᠡᠷᠦᠮᠵᠢ ᠶᠢ ᠳᠡᠯᠭᠡᠵᠦ ᠲᠠᠯᠪᠢᠭᠰᠠᠨ ᠪᠠᠶᠢᠳᠠᠯ ᠵᠢᠴᠢ ᠲᠢᠩᠬᠢᠮ ᠤᠨ ᠰᠢᠭᠦᠯᠲᠡ ᠶᠢᠨ ᠵᠠᠩᠭᠢᠯᠠᠭ᠎ᠠ ᠶᠢᠨ ᠬᠠᠮᠢᠶ᠎ᠠ ᠪᠦᠬᠦᠢ ᠮᠡᠳᠡᠯᠭᠡ ᠶᠢᠨ ᠲᠤᠬᠠᠢ ᠲᠠᠶᠢᠯᠤᠮᠵᠢ ᠬᠢᠵᠦ᠂ ᠤᠷᠢᠭᠳᠠᠭᠰᠠᠨ ᠲᠥᠯᠥᠭᠡᠯᠡᠭᠴᠢ ᠳᠤ ᠰᠢᠭᠦᠨ ᠲᠠᠰᠤᠯᠬᠤ ᠲᠢᠩᠬᠢᠮ ᠤᠨ ᠲᠥᠪ ᠴᠢᠩᠭ᠎ᠠ ᠪᠠ ᠰᠢᠭᠦᠬᠦ ᠬᠤᠷᠢᠶᠠᠨ ᠤ ᠬᠠᠤᠯᠢ ᠪᠠᠷᠢᠬᠤ ᠳᠤ ᠲᠥᠪ ᠭᠤᠣᠯᠴᠢ ᠪᠠᠶᠢᠬᠤ ᠬᠥᠭᠡᠭᠡᠴᠡᠯᠳᠦᠯ ᠢ ᠦᠨᠡᠨ ᠬᠦ ᠮᠡᠳᠡᠷᠡᠭᠦᠯᠵᠦ᠂ ᠰᠢᠭᠦᠬᠦ ᠬᠤᠷᠢᠶᠠᠨ ᠤ ᠠᠭᠤᠷ ᠠᠮᠢᠰᠬᠤᠯ ᠢ ᠪᠡᠶ᠎ᠡ ᠪᠠᠷ ᠢᠶᠠᠨ ᠣᠶᠢᠯᠠᠭᠠᠪᠠ᠃    ᠳᠠᠷᠠᠭ᠎ᠠ ᠨᠢ ᠮᠠᠨ ᠤ ᠬᠤᠷᠢᠶᠠᠨ ᠤ ᠬᠤᠶᠠᠷ ᠰᠢᠭᠦᠭᠴᠢ ᠲᠤᠰ ᠲᠤᠰ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾᠂ ︽ᠬᠥᠮᠦᠨ ᠤ ᠪᠡᠶ᠎ᠡ ᠶᠢᠨ ᠬᠠᠮᠠᠭᠠᠯᠠᠯᠲᠠ ᠶᠢᠨ ᠵᠠᠷᠯᠢᠭ︾᠂ ︽ᠡᠷ᠎ᠡ ᠡᠮ᠎ᠡ ᠶᠢᠨ ᠬᠠᠮᠲᠤ ᠶᠢᠨ ᠡᠳ᠋ ᠬᠥᠷᠥᠩᠭᠡ ᠶᠢ ᠮᠡᠳᠡᠭᠦᠯᠬᠦ ᠵᠠᠷᠯᠢᠭ︾᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠪᠠᠲᠤᠯᠠᠬᠤ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢᠨ ᠭᠤᠣᠯᠳᠠᠯᠭ᠎ᠠ ᠳᠤ ᠲᠠᠶᠢᠯᠤᠮᠵᠢ ᠬᠢᠵᠦ᠂ ᠲᠤᠬᠠᠢ ᠶᠢᠨ ᠲᠠᠯᠠᠪᠤᠷ ᠲᠤ ᠪᠠᠰᠠ ᠮᠡᠳᠡᠯᠭᠡ ᠶᠢᠨ ᠠᠰᠠᠭᠤᠯᠲᠠ ᠬᠠᠷᠢᠭᠤᠯᠲᠠ ᠥᠷᠨᠢᠭᠦᠯᠵᠦ᠂ ᠬᠡᠦᠬᠡᠳ ᠤᠨ ᠢᠳᠡᠪᠬᠢᠵᠢᠯ ᠢ ᠲᠦᠢᠯ ᠤᠨ ᠶᠡᠭᠡ ᠪᠠᠷ ᠳᠠᠶᠢᠴᠢᠯᠠᠭᠰᠠᠨ ᠪᠠᠶᠢᠨ᠎ᠠ᠃ ᠣᠯᠠᠨ ᠢᠶᠠᠷ ᠢᠶᠠᠨ ᠢᠳᠡᠪᠬᠢᠲᠡᠢ ᠪᠠᠷ ᠭᠠᠷ ᠡᠷᠭᠦᠵᠦ᠂ ᠤᠬᠠᠭᠤᠯᠤᠨ ᠲᠠᠶᠢᠯᠪᠤᠷᠢᠯᠠᠬᠤ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠯ᠎ᠠ᠃ ᠲᠤᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠮᠠᠭᠠᠯᠠᠬᠤ ᠪᠠᠷ ᠪᠠᠷᠠᠬᠤ ᠦᠭᠡᠢ ᠪᠠᠰᠠ ᠲᠡᠳᠡᠨ ᠤ ᠬᠠᠤᠯᠢ ᠴᠠᠭᠠᠵᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠬᠤ ᠶᠢᠨ ᠬᠠᠮᠲᠤ ᠡᠮᠡᠭᠲᠡᠶᠢᠴᠦᠳ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢᠨ ᠠᠷᠭ᠎ᠠ ᠵᠠᠮ ᠢᠶᠠᠷ ᠲᠤᠯᠭᠠᠷᠠᠭᠰᠠᠨ ᠬᠠᠤᠯᠢ ᠴᠠᠭᠠᠵᠠ ᠳᠤ ᠬᠤᠯᠪᠣᠭᠳᠠᠭᠰᠠᠨ ᠠᠰᠠᠭᠤᠳᠠᠯ ᠢ ᠰᠢᠢᠳᠪᠦᠷᠢᠯᠡᠵᠦ᠂ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠪᠠᠲᠤᠯᠠᠭᠰᠠᠨ ᠪᠠᠶᠢᠨ᠎ᠠ᠃    ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠮᠠᠨ ᠤ ᠬᠤᠷᠢ᠊ ᠡᠶ᠎ᠡ ᠨᠡᠪᠲᠡᠷᠡᠯᠴᠡᠨ ᠬᠠᠮᠲᠤᠷᠠᠯᠴᠠᠬᠤ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠬᠦ᠂ ᠤᠷᠤᠭ ᠭᠡᠷ ᠪᠦᠯᠢ ᠶᠢᠨ ᠬᠦᠷᠢᠶᠡᠨ ᠳᠠᠬᠢ ᠵᠢᠭᠤᠷᠠᠯᠳᠤᠭᠠᠨ ᠢ ᠰᠢᠢᠳᠪᠦᠷᠢᠯᠡᠬᠦ ᠣᠯᠠᠨ ᠠᠷᠭ᠎ᠠ ᠵᠠᠮ ᠢ ᠬᠠᠶᠢᠨ ᠰᠦᠪᠡᠭᠴᠢᠯᠡᠬᠦ᠂ ᠢᠯᠠᠩᠭᠤᠶ᠎ᠠ ᠤᠷᠤᠭ ᠭᠡᠷ ᠪᠦᠯᠢ ᠶᠢᠨ ᠵᠢᠭᠤᠷᠠᠯᠳᠤᠭᠠᠨ ᠳᠠᠬᠢ ᠭᠡᠷ ᠪᠦᠯᠢ ᠶᠢᠨ ᠬᠥᠮᠦᠵᠢᠯ᠂ ᠠᠰᠠᠷᠠᠨ ᠲᠡᠵᠢᠭᠡᠬᠦ᠂ ᠡᠷᠭᠢᠵᠦ ᠦᠵᠡᠬᠦ ᠵᠡᠷᠭᠡ ᠠᠰᠠᠭᠤᠳᠠᠯ ᠤᠨ ᠲᠤᠬᠠᠢ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠤᠷᠭᠠᠭᠤᠯᠢ᠂ ᠨᠡᠶᠢᠭᠡᠮ ᠲᠣᠭᠤᠷᠢᠭ ᠤᠨ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠭᠦᠢᠴᠡᠳ ᠰᠣᠨᠣᠰᠴᠤ᠂ ᠰᠢᠢᠳᠪᠦᠷᠢᠯᠡᠬᠦ ᠠᠷᠭ᠎ᠠ ᠵᠠᠮ ᠢ ᠬᠠᠶᠢᠨ ᠰᠦᠪᠡᠭᠴᠢᠯᠡᠵᠦ᠂ ᠲᠤᠰ ᠤᠳᠠᠭᠠᠨ ᠤ ᠠᠵᠢᠯᠯᠠᠭ᠎ᠠ ᠳᠤ ᠦᠨᠡᠨ ᠪᠣᠳᠠᠲᠠᠢ ᠦᠷ᠎ᠡ ᠪᠦᠲᠦᠮᠵᠢ ᠣᠯᠤᠭᠰᠠᠨ ᠪᠠᠶᠢᠨ᠎ᠠ᠃    ᠭᠡᠷ ᠤᠨ ᠶᠠᠪᠤᠳᠠᠯ᠂ ᠪᠠᠭᠠᠴᠤᠳ ᠤᠨ ᠰᠢᠭᠦᠨ ᠲᠠᠰᠤᠯᠤᠯᠲᠠ ᠵᠢᠴᠢ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠠᠵᠢᠯ ᠪᠣᠯ ᠨᠢᠭᠡᠨ ᠤᠷᠲᠤ ᠬᠤᠭᠤᠴᠠᠭᠠᠨ ᠤ᠂ ᠬᠠᠲᠠᠭᠤ ᠪᠡᠷᠬᠡ᠂ ᠰᠢᠰᠲ᠋ᠧᠮ ᠲᠠᠢ ᠡᠭᠦᠷᠭᠡ ᠮᠥᠨ᠂ ᠪᠦᠬᠦ ᠨᠡᠶᠢᠭᠡᠮ ᠤᠨ ᠬᠦᠴᠦᠲᠡᠢ ᠳᠡᠮᠵᠢᠯᠭᠡ ᠪᠠ ᠬᠠᠮᠲᠤ ᠪᠠᠷ ᠣᠷᠣᠯᠴᠠᠬᠤ ᠴᠢᠬᠤᠯᠠᠲᠠᠢ ᠶᠤᠮ᠃ ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠰᠢᠭᠦᠬᠦ ᠬᠤᠷᠢ᠊ ᠡᠶ᠎ᠡ ᠬᠠᠮᠢᠶ᠎ᠠ ᠪᠦᠬᠦᠢ ᠨᠢᠭᠡᠴᠡ ᠯᠦᠭᠡ ᠶᠢᠨ ᠨᠡᠪᠲᠡᠷᠡᠯᠴᠡᠭᠡ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ︽ᠰᠢᠭᠦᠬᠦ ᠬᠤᠷᠢ᠊ ᠡᠶ᠎ᠡ︾᠎ ᠶᠢᠨ ᠰᠢᠨ᠎ᠡ ᠬᠡᠯᠪᠡᠷᠢ ᠶᠢᠨ ᠵᠠᠭᠪᠤᠷ ᠢ ᠦᠷᠭᠦᠯᠵᠢᠯᠡᠨ ᠰᠦᠪᠡᠭᠴᠢᠯᠡᠵᠦ᠂ ᠭᠡᠷ ᠤᠨ ᠶᠠᠪᠤᠳᠠᠯ᠂ ᠪᠠᠭᠠᠴᠤᠳ ᠤᠨ ᠬᠡᠷᠡᠭ ᠢ ᠰᠢᠭᠦᠨ ᠲᠠᠰᠤᠯᠬᠤ ᠠᠷᠭ᠎ᠠ ᠪᠠ ᠠᠷᠭ᠎ᠠ ᠵᠠᠮ ᠢ ᠥᠷᠭᠡᠳᠬᠡᠨ᠂ ᠡᠮᠡᠭᠲᠡᠶᠢᠴᠦᠳ ᠬᠡᠦᠬᠡᠳ ᠤᠨ ᠡᠷᠡᠭᠦᠯ ᠢᠶᠠᠷ ᠬᠥᠭᠵᠢᠬᠦ ᠳᠤ ᠬᠦᠴᠦᠲᠡᠢ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号