ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠤᠨ ᠲᠡᠵᠢᠭᠡᠯ ᠡᠪᠡᠰᠦᠨ ᠤ ᠠᠵᠤ ᠦᠢᠯᠡᠰ ᠤᠨ ᠳᠤᠭᠤᠶᠢᠯᠠᠩ ᠤᠨ ᠳᠠᠷᠤᠭ᠎ᠠ ᠸᠠᠩ ᠰᠢᠶᠠᠨ ᠭᠦᠸᠧ ᠫᠷᠤᠹᠧᠰᠰᠤᠷ ᠬᠤᠶᠠᠷᠰᠤᠮᠤ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/4/17
   4 ᠰᠠᠷ᠎ᠠ ᠶᠢᠨ 16᠎ ᠤ ᠡᠳᠦᠷ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠤᠨ ᠲᠡᠵᠢᠭᠡᠯ ᠡᠪᠡᠰᠦᠨ ᠤ ᠠᠵᠤ ᠦᠢᠯᠡᠰ ᠤᠨ ᠳᠤᠭᠤᠶᠢᠯᠠᠩ ᠤᠨ ᠳᠠᠷᠤᠭ᠎ᠠ ᠸᠠᠩ ᠰᠢᠶᠠᠨ ᠭᠦᠸᠧ ᠫᠷᠤᠹᠧᠰᠰᠤᠷ ᠬᠤᠶᠠᠷᠰᠤᠮᠤ ᠪᠠᠯᠭᠠᠰᠤᠨ ᠤ ᠵᠡᠭᠦᠨ ᠪᠠᠶᠠᠨᠲᠣᠬᠤᠢ ᠭᠠᠴᠠᠭ᠎ᠠ ᠳᠤ ᠭᠦᠨᠵᠡᠭᠡᠶᠢᠷᠡᠨ ᠪᠣᠷᠣ ᠴᠠᠷᠭᠠᠰᠤ ᠲᠠᠷᠢᠬᠤ ᠶᠢ ᠪᠠᠶᠢᠴᠠᠭᠠᠨ ᠰᠤᠳᠤᠯᠵᠤ ᠠᠵᠢᠯ ᠢ ᠥᠷᠨᠢᠭᠦᠯᠵᠦ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠰᠢᠶᠠᠩ ᠢ ᠳᠠᠭᠠᠭᠠᠴᠢᠯᠠᠭᠰᠠᠨ ᠤᠳᠤᠷᠢᠳᠤᠯᠭ᠎ᠠ ᠴᠠᠩ ᠯᠢᠶᠠᠨ ᠵᠤᠸᠠᠩ᠂ ᠬᠤᠶᠠᠷᠰᠤᠮᠤ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠸᠠᠩ ᠸᠧᠨ ᠱᠧᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠡᠩ ᠲᠡᠷᠢᠭᠦᠨ ᠳᠤ ᠵᠡᠭᠦᠨ ᠪᠠᠶᠠᠨᠲᠣᠬᠤᠢ ᠭᠠᠴᠠᠭ᠎ᠠ ᠶᠢᠨ ᠪᠣᠷᠣ ᠴᠠᠷᠭᠠᠰᠤ ᠲᠠᠷᠢᠬᠤ ᠵᠢᠱᠢᠶ᠎ᠡ ᠦᠵᠡᠭᠦᠯᠬᠦ ᠭᠠᠵᠠᠷ ᠲᠤ ᠭᠦᠨᠵᠡᠭᠡᠶᠢᠷᠡᠨ ᠪᠣᠷᠣ ᠴᠠᠷᠭᠠᠰᠤ ᠶᠢᠨ ᠤᠷᠭᠤᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠲᠡᠵᠢᠭᠡᠯ ᠡᠪᠡᠰᠦ ᠲᠠᠷᠢᠬᠤ ᠮᠡᠷᠭᠡᠵᠢᠯ᠂ ᠪᠣᠷᠣ ᠴᠠᠷᠭᠠᠰᠤ ᠳᠠᠷᠢᠬᠤ ᠳᠠᠪᠠᠭᠤᠯᠢᠭ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠠᠯ᠎ᠠ ᠶᠢᠨ ᠦᠷ᠎ᠡ ᠠᠰᠢᠭ ᠤᠨ ᠪᠠᠶᠢᠳᠠᠯ ᠤᠨ ᠲᠤᠬᠠᠢ ᠲᠠᠷᠢᠶᠠᠴᠢᠨ ᠡᠷᠦᠬᠡ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ ᠃ ᠳᠠᠷᠠᠭ᠎ᠠ ᠨᠢ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠵᠣᠣ ᠱᠠ ᠭᠠᠴᠠᠭ᠎ᠠ ᠶᠢᠨ ᠬᠤᠵᠢᠷᠯᠢᠭ ᠭᠠᠵᠠᠷ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠲᠤᠬᠠᠢ ᠶᠢᠨ ᠲᠠᠯᠠᠪᠤᠷ ᠤᠨ ᠬᠥᠷᠥᠰᠥ ᠰᠢᠷᠣᠢ ᠶᠢᠨ ᠪᠠᠶᠢᠳᠠᠯ ᠢ ᠦᠨᠳᠦᠰᠦᠯᠡᠨ᠂ ᠲᠤᠰ ᠪᠡᠶ᠎ᠡ ᠶᠢᠨ ᠣᠯᠠᠨ ᠵᠢᠯ ᠤᠨ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠣᠳᠣᠬᠠᠨ ᠤ ᠡᠪᠡᠰᠦ ᠲᠠᠷᠢᠬᠤ ᠳᠤ ᠣᠷᠣᠰᠢᠵᠤ ᠪᠠᠶᠢᠭ᠎ᠠ ᠮᠡᠷᠭᠡᠵᠢᠯ ᠤᠨ ᠬᠦᠴᠢᠷ ᠠᠰᠠᠭᠤᠳᠠᠯ ᠳᠤ ᠴᠢᠭᠯᠡᠭᠦᠯᠦᠨ ᠠᠷᠭᠠᠴᠠᠬᠤ ᠠᠷᠭ᠎ᠠ ᠬᠡᠮᠵᠢᠶ᠎ᠡ ᠪᠠ ᠬᠥᠭᠵᠢᠯᠲᠡ ᠶᠢᠨ ᠰᠠᠨᠠᠭᠤᠯᠭ᠎ᠠ ᠳᠤᠷᠠᠳᠴᠤ ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃    ᠳᠠᠷᠠᠭᠠᠴᠢ ᠶᠢᠨ ᠠᠯᠬᠤᠮ ᠳᠤ᠂ ᠬᠤᠶᠠᠷ ᠰᠤᠮᠤ ᠪᠠᠯᠭᠠᠰᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠤᠨ ᠲᠡᠵᠢᠭᠡᠯ ᠡᠪᠡᠰᠦᠨ ᠤ ᠠᠵᠤ ᠦᠢᠯᠡᠰ ᠤᠨ ᠳᠤᠭᠤᠶᠢᠯᠠᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠦᠷᠭᠦᠯᠵᠢᠯᠡᠨ ᠳᠠᠭᠠᠵᠤ᠂ ᠥᠷᠭᠡᠨ ᠣᠯᠠᠨ ᠮᠠᠯᠴᠢᠨ ᠲᠠᠷᠢᠶᠠᠴᠢᠨ ᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠲᠠᠷᠢᠬᠤ ᠮᠡᠷᠭᠡᠵᠢᠯ ᠢ ᠬᠡᠷᠡᠭᠯᠡᠨ ᠪᠣᠷᠣ ᠴᠠᠷᠭᠠᠰᠤ ᠲᠠᠷᠢᠬᠤ ᠲᠠᠯᠠᠪᠠᠢ ᠶᠢ ᠥᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠥᠭᠦᠯᠡᠯ ᠢ ᠡᠬᠡ ᠤᠯᠤᠰ ᠤᠨ ᠭᠠᠵᠠᠷ ᠳᠡᠭᠡᠷ᠎ᠡ ᠪᠢᠴᠢᠭᠯᠡᠵᠦ᠂ ᠡᠪᠡᠰᠦ ᠲᠠᠷᠢᠬᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠤᠨ ︽ᠬᠤᠣᠰ ᠡᠯᠪᠡᠭ ᠬᠤᠷᠢᠶᠠᠯᠲᠠ︾᠎ ᠶᠢ ᠪᠡᠶᠡᠯᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号