ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠳᠥᠷᠪᠡ ᠶᠢ ᠲᠣᠭᠲᠠᠭᠠᠬᠤ ᠠᠵᠢᠯ ᠤᠨ ᠠᠷᠭ᠎ᠠ︾᠎ ᠳᠤ ᠠᠩᠬᠠᠷᠤᠯ ᠢᠶᠠᠨ ᠲᠥᠪᠯᠡᠷᠡᠭᠦᠯᠵᠦ ᠨᠠᠮ ᠤᠨ ᠲᠥᠯᠥᠭᠡᠯᠡᠭᠴᠢ ᠶᠢᠨ ᠦᠢᠯᠡᠳᠦᠯ ᠢ ᠪᠠᠶᠢᠩᠭᠤᠵᠢᠭᠤᠯᠵᠤ ᠤᠷᠲᠤ ᠬᠤᠭᠤᠴᠠᠭᠠᠨ ᠤ ᠪᠦᠲᠦᠮᠵᠢᠲᠡᠢ ᠪᠣᠯᠭᠠᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/4/17
   ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠤᠨ ᠬᠤᠭᠤᠴᠠᠭᠠᠨ ᠤ ᠳᠦᠷᠢᠮ ᠤᠨ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠯᠥᠭᠡᠯᠡᠭᠴᠢ ᠶᠢᠨ ᠬᠡᠪ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠦᠨ ︽ᠳᠥᠷᠪᠡ ᠶᠢ ᠲᠣᠭᠲᠠᠭᠠᠬᠤ ᠠᠵᠢᠯ ᠤᠨ ᠠᠷᠭ᠎ᠠ︾᠎ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠡᠭᠡᠯᠵᠢᠯᠡᠨ ᠬᠦᠯᠢᠶᠡᠨ ᠠᠪᠬᠤ᠂ ᠠᠷᠠᠳ ᠤᠨ ᠪᠠᠶᠢᠳᠠᠯ ᠢ ᠠᠰᠠᠭᠤᠨ ᠯᠠᠪᠯᠠᠬᠤ᠂ ᠪᠠᠶᠢᠴᠠᠭᠠᠨ ᠰᠤᠳᠤᠯᠬᠤ ᠵᠡᠷᠭᠡ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠠᠮ ᠤᠨ ᠲᠥᠯᠥᠭᠡᠯᠡᠭᠴᠢ ᠶᠢᠨ ᠦᠨᠳᠦᠰᠦᠨ ᠱᠠᠲᠤᠨ ᠤ ᠣᠯᠠᠨ ᠲᠦᠮᠡᠨ ᠲᠠᠢ ᠬᠠᠷᠢᠯᠴᠠᠬᠤ ᠳᠤᠮᠳᠠᠬᠢ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠵᠤ᠂ ᠨᠠᠮ ᠤᠨ ᠲᠥᠯᠥᠭᠡᠯᠡᠭᠴᠢ ᠶᠢᠨ ᠦᠢᠯᠡᠳᠦᠯ ᠢ ᠦᠨᠡᠨ ᠬᠦ ᠪᠠᠶᠢᠩᠭᠤᠵᠢᠭᠤᠯᠬᠤ᠂ ᠤᠷᠲᠤ ᠬᠤᠭᠤᠴᠠᠭᠠᠨ ᠤ ᠪᠦᠲᠦᠮᠵᠢᠲᠡᠢ ᠪᠣᠯᠭᠠᠪᠠ᠃    ᠠᠵᠢᠯᠲᠠᠨ ᠢ ᠲᠣᠭᠲᠠᠭᠠᠵᠤ᠂ ᠡᠭᠦᠷᠭᠡ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠲᠥᠯᠥᠭᠡᠯᠡᠭᠴᠢ ᠬᠤᠪᠢ ᠬᠥᠮᠦᠨ ᠪᠤᠶᠤ ᠪᠦᠯᠬᠦᠮ ᠨᠡᠶᠢᠲᠡ ᠶᠢᠨ ᠬᠡᠯᠪᠡᠷᠢ ᠪᠠᠷ ᠣᠯᠠᠨ ᠲᠦᠮᠡᠨ ᠲᠠᠢ ᠪᠠᠶᠢᠩᠭᠤ ᠬᠠᠷᠢᠯᠴᠠᠵᠤ ᠣᠯᠠᠨ ᠲᠦᠮᠡᠨ ᠳᠤ ᠦᠢᠯᠡᠴᠢᠯᠡᠬᠦ ᠠᠵᠢᠯ ᠢ ᠥᠷᠨᠢᠭᠦᠯᠪᠡ᠃ ᠣᠳᠣ ᠪᠣᠯᠲᠠᠯ᠎ᠠ᠂ ᠬᠤᠪᠢ ᠬᠥᠮᠦᠨ ᠪᠤᠶᠤ ᠪᠦᠯᠬᠦᠮ ᠨᠡᠶᠢᠲᠡ 76 ᠬᠥᠮᠦᠨ ᠢ ᠥᠷᠨᠢᠭᠦᠯᠬᠦ ᠳᠤ ᠣᠷᠣᠯᠴᠠᠵᠤ᠂ ᠬᠤᠰᠢᠭᠤᠨ ᠤ ᠳᠡᠰ ᠤᠨ ︽12345︾ ᠬᠠᠯᠠᠮᠰᠢᠯ ᠤᠲᠠᠰᠤ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠨᠠᠮ ᠤᠨ ᠲᠥᠯᠥᠭᠡᠯᠡᠭᠴᠢ 15 ᠬᠥᠮᠦᠨ︔ ᠭᠠᠵᠠᠷ ᠣᠷᠣᠨ᠂ ᠠᠵᠢᠯ ᠲᠥᠷᠥᠯ᠂ ᠲᠤᠰᠬᠠᠢ ᠮᠡᠷᠭᠡᠵᠢᠯ ᠵᠡᠷᠭᠡ ᠠᠳᠠᠯᠢ ᠪᠤᠰᠤ ᠬᠡᠷᠡᠭᠴᠡᠭᠡ ᠶᠣᠰᠣᠭᠠᠷ᠂ ᠪᠦᠯᠬᠦᠮ ᠪᠠᠶᠢᠭᠤᠯᠬᠤ ᠦᠢᠯᠡᠴᠢᠯᠡᠭᠡᠨ ᠤ ᠪᠦᠯᠬᠦᠮ 8 ᠪᠠᠶᠢᠭᠤᠯᠵᠤ᠂ 1 ᠳᠠᠭᠠᠭᠤᠯᠤᠭᠴᠢ ᠶᠢ ᠲᠣᠳᠣᠷᠬᠠᠶᠢᠯᠠᠪᠠ᠃ ︽ᠨᠠᠮ ᠤᠨ ᠬᠤᠷᠢ᠊ ᠡᠶ᠎ᠡ᠂ ᠨᠠᠮ ᠤᠨ ᠲᠥᠯᠥᠭᠡᠯᠡᠭᠴᠢ᠂ ᠨᠠᠮ ᠤᠨ ᠭᠡᠰᠢᠭᠦᠨ᠂ ᠣᠯᠠᠨ ᠲᠦᠮᠡᠨ︾ ᠳᠥᠷᠪᠡᠨ ᠱᠠᠲᠤᠨ ᠤ ᠨᠠᠮ ᠪᠠ ᠣᠯᠠᠨ ᠲᠦᠮᠡᠨ ᠤ ᠬᠠᠷᠢᠯᠴᠠᠬᠤ ᠬᠡᠯᠬᠢᠶ᠎ᠡ ᠶᠢ ᠪᠠᠶᠢᠭᠤᠯᠵᠤ᠂ ︽ᠭᠤᠷᠪᠠ ᠶᠢ ᠬᠠᠷᠢᠯᠴᠠᠬᠤ︾ ᠳᠦᠷᠢᠮ ᠢ ᠬᠡᠷᠡᠭᠵᠢᠭᠦᠯᠵᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠮᠧᠳ᠋ᠷ︾᠎ ᠢ ᠪᠦᠲᠦᠮᠵᠢᠲᠡᠢ ᠨᠡᠪᠲᠡᠷᠡᠭᠦᠯᠪᠡ     ᠭᠠᠵᠠᠷ ᠣᠷᠣᠨ ᠲᠣᠭᠲᠠᠭᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠵᠢᠭᠰᠠᠭᠠᠯ ᠤᠨ ᠭᠠᠵᠠᠷ ᠢ ᠪᠠᠶᠢᠭᠤᠯᠤᠨ ᠬᠦᠴᠦᠷᠬᠡᠭᠵᠢᠭᠦᠯᠦᠨ᠎ᠡ᠃ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠪᠠᠶᠢᠴᠠᠭᠠᠨ ᠵᠠᠳᠠᠯᠵᠤ᠂ ᠵᠠᠳᠠᠯᠤᠨ ᠰᠤᠳᠤᠯᠵᠤ ᠮᠠᠭᠠᠳᠯᠠᠬᠤ ᠪᠠᠷ ᠳᠠᠮᠵᠢᠭᠤᠯᠤᠨ᠂ ᠣᠶᠢᠷ᠎ᠠ ᠬᠠᠪᠢ ᠳᠠᠭᠠᠨ ᠳᠥᠭᠦᠮ ᠦᠵᠡᠭᠦᠯᠬᠦ᠂ ᠵᠣᠬᠢᠶᠠᠨ ᠪᠠᠶᠢᠭᠤᠯᠤᠯᠲᠠ ᠳᠤ ᠳᠥᠭᠦᠮ ᠦᠵᠡᠭᠦᠯᠬᠦ᠂ ᠣᠯᠠᠨ ᠲᠦᠮᠡᠨ ᠳᠤ ᠳᠥᠭᠦᠮ ᠦᠵᠡᠭᠦᠯᠬᠦ ᠵᠠᠷᠴᠢᠮ ᠶᠣᠰᠣᠭᠠᠷ᠂ ᠨᠠᠮ ᠤᠨ ᠲᠥᠯᠥᠭᠡᠯᠡᠭᠴᠢ ᠶᠢᠨ ᠣᠯᠠᠨ ᠲᠦᠮᠡᠨ ᠳᠤ ᠦᠢᠯᠡᠴᠢᠯᠡᠬᠦ ᠲᠣᠭᠲᠠᠮᠠᠯ ᠵᠢᠭᠰᠠᠭᠠᠯ ᠤᠨ ᠭᠠᠵᠠᠷ ᠪᠠᠶᠢᠭᠤᠯᠵᠤ᠂ ᠨᠡᠶᠢᠭᠡᠮ ᠲᠣᠭᠤᠷᠢᠭ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠰᠠᠯᠠᠭ᠎ᠠ ᠮᠥᠴᠢᠷ ᠤᠨ ᠬᠦᠷᠢᠶᠡᠨ ᠳᠤ 6 ᠠᠵᠢᠯ ᠲᠥᠷᠥᠯ ᠤᠨ ᠰᠢᠰᠲ᠋ᠧᠮ ᠵᠢᠴᠢ ︽ᠬᠠᠮᠲᠤ ᠪᠠᠷ ᠡᠳ᠋ᠯᠡᠬᠦ︾ ᠨᠠᠮ ᠤᠨ ᠲᠥᠯᠥᠭᠡᠯᠡᠭᠴᠢ ᠶᠢᠨ ᠠᠵᠢᠯᠯᠠᠬᠤ ᠲᠠᠰᠤᠭ ᠪᠠᠶᠢᠭᠤᠯᠵᠤ᠂ ᠨᠠᠮ ᠤᠨ ᠲᠥᠯᠥᠭᠡᠯᠡᠭᠴᠢ ᠶᠢ ᠬᠦᠯᠢᠶᠡᠨ ᠠᠪᠬᠤ ᠡᠳᠦᠷ ᠭᠠᠷᠭᠠᠬᠤ ᠶᠢᠨ ᠬᠠᠮᠲᠤ ᠵᠠᠷᠯᠠᠨ ᠨᠡᠶᠢᠲᠡᠯᠡᠵᠦ᠂ ᠨᠠᠮ ᠤᠨ ᠲᠥᠯᠥᠭᠡᠯᠡᠭᠴᠢ ᠶᠢᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠤᠷᠲᠤᠳᠬᠠᠨ᠂ ᠨᠠᠮ ᠤᠨ ᠲᠥᠯᠥᠭᠡᠯᠡᠭᠴᠢ ᠶᠢ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠰᠠᠨᠠᠭᠠᠴᠢᠯᠠᠭ᠎ᠠ ᠠᠴᠠ ᠪᠠᠨ ᠰᠠᠨᠠᠯ ᠰᠠᠨᠠᠭᠤᠯᠭ᠎ᠠ ᠴᠤᠭᠯᠠᠭᠤᠯᠵᠤ᠂ ᠠᠰᠠᠭᠤᠳᠠᠯ ᠢ ᠰᠢᠢᠳᠪᠦᠷᠢᠯᠡᠪᠡ᠃    ᠴᠠᠭ ᠲᠣᠭᠲᠠᠭᠠᠵᠤ᠂ ᠦᠢᠯᠡᠴᠢᠯᠡᠭᠡᠨ ᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠠᠷᠢᠯᠴᠠᠬᠤ ᠦᠢᠯᠡᠴᠢᠯᠡᠭᠡᠨ ᠤ ᠵᠦᠢᠯᠡᠰ ᠤᠨ ᠰᠢᠨᠵᠢ ᠴᠢᠨᠠᠷ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠱᠠᠲᠤᠨ ᠤ ᠨᠠᠮ ᠤᠨ ᠲᠥᠯᠥᠭᠡᠯᠡᠭᠴᠢ ᠪᠤᠶᠤ ᠲᠥᠯᠥᠭᠡᠯᠡᠭᠴᠢ ᠶᠢᠨ ᠪᠦᠯᠬᠦᠮ ᠭᠠᠷᠠᠭ ᠪᠦᠷᠢ᠂ ᠬᠠᠭᠠᠰ ᠰᠠᠷ᠎ᠠ ᠪᠤᠶᠤ ᠰᠠᠷ᠎ᠠ ᠪᠦᠷᠢ ᠨᠢᠭᠡ ᠡᠳᠦᠷ ᠨᠠᠮ ᠤᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠭᠠᠵᠠᠷ ᠲᠤ ᠬᠦᠷᠲᠡᠯ᠎ᠡ ᠬᠤᠯᠪᠣᠭᠳᠠᠯ ᠪᠦᠬᠦᠢ ᠬᠠᠷᠢᠯᠴᠠᠵᠤ ᠦᠢᠯᠡᠴᠢᠯᠡᠬᠦ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠤ ᠰᠡᠳᠬᠢᠯ ᠤᠨ ᠶᠠᠪᠤᠳᠠᠯ᠂ ᠴᠡᠭ ᠠᠴᠠ ᠴᠡᠭ ᠲᠤ ᠬᠦᠷᠴᠦ ᠣᠯᠠᠨ ᠲᠦᠮᠡᠨ ᠤ ᠰᠠᠨᠠᠯ ᠢ ᠨᠢᠭᠤᠷᠳᠠᠨ ᠰᠣᠨᠣᠰᠪᠠ᠃ ᠵᠢᠯ ᠤᠨ ᠡᠬᠢᠨ ᠠᠴᠠ ᠨᠠᠰᠢ᠂ ᠠᠵᠤ ᠦᠢᠯᠡᠰ ᠤᠨ ᠬᠥᠭᠵᠢᠯᠲᠡ᠂ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ᠂ ᠰᠣᠶᠣᠯ ᠵᠢᠭᠤᠯᠴᠢᠯᠠᠯ ᠵᠡᠷᠭᠡ ᠲᠠᠯ᠎ᠠ ᠶᠢᠨ 15 ᠠᠰᠠᠭᠤᠳᠠᠯ ᠢ ᠰᠢᠢᠳᠪᠦᠷᠢᠯᠡᠵᠦ᠂ 15 ᠵᠤᠷᠪᠤᠰ ᠰᠠᠨᠠᠯ ᠰᠠᠨᠠᠭᠤᠯᠭ᠎ᠠ ᠳᠤᠷᠠᠳᠴᠠᠢ᠃    ᠡᠭᠦᠷᠭᠡ ᠬᠠᠷᠢᠭᠤᠴᠠᠯᠭ᠎ᠠ ᠲᠣᠭᠲᠠᠭᠠᠵᠤ᠂ ᠣᠨᠣᠪᠴᠢᠲᠠᠢ ᠵᠣᠯᠭᠠᠭᠤᠯᠬᠤ ᠶᠢ ᠪᠡᠶᠡᠯᠡᠭᠦᠯᠦᠨ᠎ᠡ᠃ ᠨᠠᠮ ᠤᠨ ᠲᠥᠯᠥᠭᠡᠯᠡᠭᠴᠢ ᠣᠯᠠᠨ ᠲᠦᠮᠡᠨ ᠲᠠᠢ ᠬᠠᠷᠢᠯᠴᠠᠵᠤ ︽ᠠᠵᠢᠯ ᠤᠨ ᠪᠠᠶᠢᠷᠢ ᠭᠠᠷᠭᠠᠨ ᠬᠠᠷᠢᠭᠤᠴᠠᠯᠭ᠎ᠠ ᠲᠣᠭᠲᠠᠭᠠᠬᠤ︾ ᠂ ︽ᠠᠮᠠᠯᠠᠯᠲᠠ ᠪᠠᠨ ᠦᠢᠯᠡᠳᠦᠯᠭᠡᠵᠢᠭᠦᠯᠬᠦ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠬᠦ︾ ᠵᠡᠷᠭᠡ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠠᠵᠢᠯᠯᠠᠭ᠎ᠠ ᠲᠠᠢ ᠨᠢᠭᠲᠠ ᠤᠶᠠᠯᠳᠤᠭᠤᠯᠵᠤ᠂ ᠣᠨᠣᠯ ᠤᠨ ᠤᠬᠠᠭᠤᠯᠤᠨ ᠲᠠᠶᠢᠯᠪᠤᠷᠢᠯᠠᠬᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠵᠠᠬᠢᠳᠠᠯ ᠰᠤᠷᠪᠤᠯᠵᠢᠯᠠᠭ᠎ᠠ ᠶᠢ ᠰᠢᠢᠳᠪᠦᠷᠢᠯᠡᠬᠦ ᠪᠠᠷ ᠬᠦᠯᠢᠶᠡᠵᠦ ᠪᠠᠶᠢᠭ᠎ᠠ ᠵᠡᠷᠭᠡ ᠡᠭᠦᠷᠭᠡ ᠳᠤ ᠲᠦᠷᠦᠭᠦᠯᠡᠨ ᠣᠷᠣᠯᠴᠠᠪᠠ᠃ ᠵᠢᠯ ᠤᠨ ᠡᠬᠢᠨ ᠠᠴᠠ ᠨᠠᠰᠢ᠂ ᠬᠤᠰᠢᠭᠤ᠂ ᠰᠤᠮᠤ ᠪᠠᠯᠭᠠᠰᠤᠨ ᠤ ᠱᠠᠲᠤᠨ ᠤ ᠨᠠᠮ ᠤᠨ ᠲᠥᠯᠥᠭᠡᠯᠡᠭᠴᠢ ᠨᠠᠮ ᠤᠨ ᠲᠥᠷᠥ ᠶᠢᠨ ᠪᠣᠳᠣᠯᠭ᠎ᠠ ᠴᠢᠭᠯᠡᠯᠲᠡ ᠶᠢ 60 ᠤᠳᠠᠭ᠎ᠠ ᠤᠬᠠᠭᠤᠯᠤᠨ ᠲᠠᠶᠢᠯᠪᠤᠷᠢᠯᠠᠬᠤ ᠳᠤ ᠣᠷᠣᠯᠴᠠᠵᠤ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ 17 ᠵᠤᠷᠪᠤᠰ ᠴᠤᠭᠯᠠᠭᠤᠯᠵᠤ᠂ 24 ᠵᠦᠢᠯ ᠤᠨ ᠵᠥᠷᠢᠴᠡᠯ ᠠᠶᠤᠯ ᠲᠦᠭᠰᠢᠭᠦᠷᠢ ᠶᠢ ᠨᠠᠮᠳᠠᠭᠤᠯᠵᠤ᠂ 14 ᠵᠦᠢᠯ ᠤᠨ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠵᠦ᠂ 142 ᠵᠦᠢᠯ ᠤᠨ ᠪᠣᠳᠠᠲᠠᠢ ᠬᠦᠴᠢᠷᠳᠡᠯ ᠢ ᠰᠢᠢᠳᠪᠦᠷᠢᠯᠡᠪᠡ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号