ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠢᠨᠲ᠋ᠧᠷ ᠰᠦᠯᠵᠢᠶᠡᠨ ᠤ ᠬᠠᠤᠯᠢ ᠠᠴᠠ ᠵᠥᠷᠢᠴᠡᠭᠰᠡᠨ ᠪᠠ ᠡᠷᠡᠭᠦᠯ ᠪᠤᠰᠤ ᠮᠡᠳᠡᠭᠡ ᠵᠠᠩᠭᠢ ᠶᠢ ᠢᠯᠡᠴᠢᠯᠡᠨ ᠮᠡᠳᠡᠭᠦᠯᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/4/17
   ᠡᠨᠡ ᠵᠢᠯ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠠᠵᠢᠯ ᠤᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠢᠨᠲ᠋ᠧᠷ ᠰᠦᠯᠵᠢᠶᠡᠨ ᠤ ᠬᠠᠤᠯᠢ ᠠᠴᠠ ᠵᠥᠷᠢᠴᠡᠭᠰᠡᠨ ᠪᠠ ᠡᠷᠡᠭᠦᠯ ᠪᠤᠰᠤ ᠮᠡᠳᠡᠭᠡ ᠵᠠᠩᠭᠢ ᠶᠢ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠴᠤ ᠰᠢᠢᠳᠪᠦᠷᠢᠯᠡᠬᠦ ᠶᠢ ᠨᠢᠭᠡ ᠴᠣᠭᠴᠠᠵᠢᠭᠤᠯᠬᠤ ᠲᠣᠭᠲᠠᠴᠠ ᠶᠢᠨ ᠠᠵᠢᠯ ᠢ ᠰᠠᠶᠢᠲᠤᠷ ᠬᠢᠵᠦ᠂ ᠰᠦᠯᠵᠢᠶᠡᠨ ᠤ ᠴᠡᠪᠡᠷ ᠲᠤᠩᠭᠠᠯᠠᠭ ᠣᠷᠣᠨ ᠵᠠᠢ ᠶᠢ ᠪᠠᠶᠢᠭᠤᠯᠪᠠ᠃    ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠵᠦ᠂ ᠰᠦᠯᠵᠢᠶᠡᠨ ᠤ ᠠᠮᠢ ᠠᠬᠤᠢ ᠶᠢᠨ ︽ᠭᠠᠯ ᠰᠡᠷᠭᠡᠶᠢᠯᠡᠬᠦ ᠬᠡᠷᠡᠮ︾᠎ ᠢ ᠪᠠᠲᠤ ᠴᠣᠭᠴᠠᠯᠠᠨ᠎ᠠ᠃ ᠰᠦᠯᠵᠢᠶ᠎ᠡ ᠪᠠᠷ ᠢᠯᠡᠴᠢᠯᠡᠨ ᠮᠡᠳᠡᠭᠦᠯᠬᠦ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠪᠠᠶᠢᠭᠤᠯᠤᠯᠲᠠ ᠶᠢ ᠬᠦᠴᠦᠲᠡᠢ ᠠᠬᠢᠭᠤᠯᠵᠤ᠂ ᠤᠯᠤᠰ ᠲᠥᠷᠥ ᠬᠠᠤᠯᠢ ᠴᠠᠭᠠᠵᠠ᠂ ᠨᠢᠭᠡᠳᠦᠮᠡᠯ ᠹᠷᠣᠨᠲ᠂ ᠳᠣᠲᠣᠭᠠᠳᠤ ᠶᠢ ᠬᠠᠮᠠᠭᠠᠯᠠᠬᠤ᠂ ᠰᠤᠮᠤ ᠪᠠᠯᠭᠠᠰᠤ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠵᠡᠷᠭᠡ ᠰᠠᠯᠠᠭ᠎ᠠ ᠮᠥᠴᠢᠷ ᠯᠦᠭᠡ ᠬᠤᠯᠪᠣᠭᠠᠯᠠᠨ ᠬᠥᠳᠡᠯᠦᠯᠴᠡᠵᠦ ᠬᠠᠮᠵᠢᠯᠴᠠᠬᠤ ᠶᠢ ᠴᠢᠩᠭᠠᠳᠬᠠᠨ᠂ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠤᠨ ᠨᠡᠶᠢᠯᠡᠮᠡᠯ ᠬᠦᠴᠦᠨ ᠢ ᠪᠣᠢ ᠪᠣᠯᠭᠠᠵᠤ᠂ ᠴᠤᠤᠷᠬᠠᠯ ᠢ ᠨᠢᠴᠤᠭᠠᠬᠤ ᠵᠢᠭᠰᠠᠭᠠᠯ ᠤᠨ ᠭᠠᠵᠠᠷ ᠤᠨ ᠬᠥᠮᠦᠨ ᠪᠠ ᠮᠡᠷᠭᠡᠵᠢᠯ ᠢ ᠤᠶᠠᠯᠳᠤᠭᠤᠯᠬᠤ ᠶᠢ ᠪᠡᠶᠡᠯᠡᠭᠦᠯᠦᠨ᠎ᠡ᠃ ᠵᠢᠯ ᠤᠨ ᠡᠬᠢᠨ ᠠᠴᠠ ᠨᠠᠰᠢ᠂ ᠨᠡᠶᠢᠲᠡ 42 ᠵᠤᠷᠪᠤᠰ ᠡᠷᠡᠭᠦᠯ ᠪᠤᠰᠤ ᠮᠡᠳᠡᠭᠡ ᠵᠠᠩᠭᠢ ᠶᠢ ᠢᠯᠡᠴᠢᠯᠡᠨ ᠮᠡᠳᠡᠭᠦᠯᠵᠦ᠂ ᠬᠠᠷᠢᠶ᠎ᠠ ᠭᠠᠵᠠᠷ ᠤᠨ ᠴᠤᠤᠷᠬᠠᠯ ᠵᠡᠷᠭᠡ ᠡᠯ᠎ᠡ ᠲᠥᠷᠥᠯ ᠤᠨ ᠬᠤᠣᠷ ᠬᠥᠨᠥᠭᠡᠯ ᠲᠠᠢ ᠮᠡᠳᠡᠭᠡ ᠵᠠᠩᠭᠢ ᠶᠢ ᠴᠠᠭ ᠲᠤᠬᠠᠢ ᠳᠤᠨᠢ ᠰᠢᠢᠳᠪᠦᠷᠢᠯᠡᠪᠡ᠃    ᠢᠯᠡᠴᠢᠯᠡᠨ ᠮᠡᠳᠡᠭᠦᠯᠬᠦ ᠠᠷᠭ᠎ᠠ ᠵᠠᠮ ᠢ ᠥᠷᠭᠡᠳᠬᠡᠵᠦ᠂ ᠰᠦᠯᠵᠢᠶᠡᠨ ᠢᠷᠭᠡᠳ ᠤᠨ ᠢᠯᠡᠴᠢᠯᠡᠨ ᠮᠡᠳᠡᠭᠦᠯᠬᠦ ︽ᠰᠢᠭᠤᠳ ᠨᠡᠪᠲᠡᠷᠡᠬᠦ ᠲᠡᠷᠭᠡ︾᠎ ᠶᠢ ᠰᠠᠭᠠᠳ ᠦᠭᠡᠢ ᠨᠡᠪᠲᠡᠷᠡᠭᠦᠯᠦᠨ᠎ᠡ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠵᠡᠷᠭᠡ ᠬᠤᠰᠢᠭᠤᠨ ᠤ ᠳᠡᠰ ᠤᠨ ᠰᠢᠨ᠎ᠡ ᠵᠠᠭᠤᠴᠢᠯᠠᠭᠤᠷ ᠤᠨ ᠲᠠᠪᠴᠠᠩ ᠤᠨ ᠢᠯᠡᠴᠢᠯᠡᠨ ᠮᠡᠳᠡᠭᠦᠯᠬᠦ ᠣᠷᠣᠬᠤ ᠭᠠᠵᠠᠷ ᠤᠨ ᠣᠷᠣᠨ ᠪᠠᠶᠢᠷᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ 30 ᠭᠠᠷᠤᠢ ᠨᠠᠮ ᠤᠨ ᠶᠠᠪᠤᠳᠠᠯ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠪᠴᠠᠩ ᠢ ᠵᠣᠬᠢᠶᠠᠨ ᠪᠠᠶᠢᠭᠤᠯᠤᠨ ᠢᠯᠡᠴᠢᠯᠡᠨ ᠮᠡᠳᠡᠭᠦᠯᠬᠦ ᠲᠤᠰᠬᠠᠢ ᠪᠤᠯᠤᠩ ᠭᠠᠷᠭᠠᠵᠤ᠂ ᠢᠯᠡᠴᠢᠯᠡᠨ ᠮᠡᠳᠡᠭᠦᠯᠬᠦ ᠣᠷᠣᠬᠤ ᠡᠭᠦᠳᠡ ᠶᠢ ᠲᠣᠳᠣᠷᠬᠠᠶᠢᠯᠠᠬᠤ ᠶᠢᠨ ᠬᠠᠮᠲᠤ ᠤᠯᠤᠰ ᠤᠨ ᠢᠨᠲ᠋ᠧᠷ ᠰᠦᠯᠵᠢᠶᠡᠨ ᠤ ᠬᠠᠤᠯᠢ ᠠᠴᠠ ᠵᠥᠷᠢᠴᠡᠭᠰᠡᠨ ᠪᠠ ᠡᠷᠡᠭᠦᠯ ᠪᠤᠰᠤ ᠮᠡᠳᠡᠭᠡ ᠵᠠᠩᠭᠢ ᠶᠢ ᠢᠯᠡᠴᠢᠯᠡᠨ ᠮᠡᠳᠡᠭᠦᠯᠬᠦ ᠲᠥᠪ ᠲᠤ ᠬᠤᠯᠪᠣᠵᠤ᠂ ᠰᠦᠯᠵᠢᠶᠡᠨ ᠢᠷᠭᠡᠳ ᠤᠨ ᠢᠯᠡᠴᠢᠯᠡᠨ ᠮᠡᠳᠡᠭᠦᠯᠬᠦ ︽ᠰᠢᠭᠤᠳ ᠨᠡᠪᠲᠡᠷᠡᠬᠦ ᠲᠡᠷᠭᠡ︾᠎ ᠶᠢ ᠰᠢᠯᠤᠭᠤᠳᠬᠠᠨ᠎ᠠ᠃    ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠭᠤᠰᠤᠯᠴᠠᠯ ᠨᠢ ᠰᠦᠯᠵᠢᠶᠡᠨ ᠤ ᠬᠠᠤᠯᠢ ᠲᠦᠭᠡᠮᠡᠯᠵᠢᠭᠦᠯᠬᠦ ︽ᠨᠡᠶᠢᠯᠡᠮᠡᠯ ᠨᠢᠳᠤᠷᠭ᠎ᠠ︾ ᠰᠦᠯᠵᠢᠶᠡᠨ ᠢᠷᠭᠡᠳ ᠤᠨ ᠰᠦᠯᠵᠢᠶᠡᠨ ᠳᠡᠭᠡᠷᠡᠬᠢ ᠴᠤᠤᠷᠬᠠᠯ ᠢ ᠤᠬᠠᠮᠰᠠᠷ ᠠᠴᠠ ᠪᠠᠨ ᠬᠤᠷᠢᠭᠯᠠᠬᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠢᠨᠲ᠋ᠧᠷ ᠰᠦᠯᠵᠢᠶᠡᠨ ᠤ ᠬᠠᠤᠯᠢ ᠠᠴᠠ ᠵᠥᠷᠢᠴᠡᠭᠰᠡᠨ ᠪᠠ ᠡᠷᠡᠭᠦᠯ ᠪᠤᠰᠤ ᠮᠡᠳᠡᠭᠡ ᠵᠠᠩᠭᠢ ᠶᠢ ᠢᠯᠡᠴᠢᠯᠡᠨ ᠮᠡᠳᠡᠭᠦᠯᠬᠦ ︽ᠳᠣᠯᠤᠭ᠎ᠠ ᠶᠢ ᠣᠷᠣᠭᠤᠯᠬᠤ︾ ᠤᠬᠠᠭᠤᠯᠭ᠎ᠠ ᠶᠢᠨ ᠠᠵᠢᠯᠯᠠᠭ᠎ᠠ ᠲᠠᠢ ᠨᠢᠭᠲᠠ ᠤᠶᠠᠯᠳᠤᠭᠤᠯᠤᠨ᠂ ᠰᠦᠯᠵᠢᠶᠡᠨ ᠤ ᠴᠤᠤᠷᠬᠠᠯ ᠢ ᠨᠢᠴᠤᠭᠠᠬᠤ ᠤᠬᠠᠭᠤᠯᠭ᠎ᠠ ᠶᠢ ᠣᠯᠠᠨ ᠬᠡᠯᠪᠡᠷᠢ ᠪᠠᠷ ᠥᠷᠨᠢᠭᠦᠯᠵᠦ᠂ ᠠᠩᠬᠠᠨ ᠤ ᠡᠭᠦᠳᠦᠭᠰᠡᠨ ᠵᠢᠷᠤᠭ ᠪᠢᠴᠢᠭ᠂ ᠸᠢᠳᠢᠣ᠋ ᠪᠦᠲᠦᠭᠡᠯ ᠢ 75 ᠬᠤᠪᠢ ᠵᠣᠬᠢᠶᠠᠨ ᠪᠠᠶᠢᠭᠤᠯᠤᠨ ᠦᠢᠯᠡᠳᠴᠦ ᠭᠠᠷᠭᠠᠪᠠ᠃ ᠡᠭᠦᠨ ᠤ ᠬᠠᠮᠲᠤ ︽ᠠᠭᠠᠷ ᠤᠨ ᠬᠢᠴᠢᠶᠡᠯ ᠤᠨ ᠲᠠᠩᠬᠢᠮ︾ ᠭᠠᠷᠭᠠᠵᠤ᠂ ᠳᠠᠭᠤᠨ ᠳᠠᠪᠲᠠᠮᠵᠢ ᠶᠢᠨ ᠬᠡᠯᠪᠡᠷᠢ ᠪᠠᠷ ᠲᠣᠭᠲᠠᠮᠠᠯ ᠪᠤᠰᠤ ᠬᠤᠭᠤᠴᠠᠭ᠎ᠠ ᠲᠠᠢ ᠪᠠᠷ ︽ᠲᠣᠰᠬᠤᠨ ᠪᠣᠯᠭᠠᠨ ᠳᠤ ᠪᠦᠷᠢᠶ᠎ᠡ ︾ ᠭᠠᠷᠭᠠᠨ ᠡᠷᠭᠢᠯᠳᠦᠭᠦᠯᠦᠨ ᠨᠡᠪᠲᠡᠷᠡᠭᠦᠯᠵᠦ᠂ ᠰᠦᠯᠵᠢᠶᠡᠨ ᠤ ᠮᠡᠳᠡᠯᠭᠡ ᠶᠢ ᠤᠷᠲᠤ ᠬᠤᠭᠤᠴᠠᠭᠠᠨ ᠤ ᠪᠦᠲᠦᠮᠵᠢᠲᠡᠢ ᠤᠬᠠᠭᠤᠯᠪᠠ᠃ ᠣᠳᠣᠬᠠᠨ ᠳᠤ ᠡᠯ᠎ᠡ ᠲᠥᠷᠥᠯ ᠤᠨ ᠤᠬᠠᠭᠤᠯᠤᠨ ᠲᠠᠶᠢᠯᠪᠤᠷᠢᠯᠠᠬᠤ᠂ ᠮᠡᠳᠡᠯᠭᠡ ᠶᠢᠨ ᠠᠰᠠᠭᠤᠯᠲᠠ ᠬᠠᠷᠢᠭᠤᠯᠬᠤ᠂ ᠮᠠᠲ᠋ᠧᠷᠢᠶᠠᠯ ᠢ ᠲᠠᠷᠬᠠᠭᠠᠬᠤ᠂ ᠤᠷᠠᠨ ᠪᠢᠴᠢᠯᠭᠡ ᠶᠢᠨ ᠦᠵᠡᠭᠦᠯᠦᠯᠭᠡ᠂ ᠲᠣᠭᠯᠠᠯᠲᠠ ᠨᠠᠶᠢᠷᠠᠭᠤᠯᠬᠤ ᠵᠡᠷᠭᠡ ᠠᠵᠢᠯᠯᠠᠭ᠎ᠠ ᠶᠢ 13 ᠤᠳᠠᠭ᠎ᠠ ᠥᠷᠨᠢᠭᠦᠯᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号