ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ︽ᠨᠠᠮ ᠤᠨ ᠳᠠᠭᠤᠨ ᠢ ᠲᠦᠮᠡᠨ ᠡᠷᠦᠬᠡ ᠳᠤ ᠣᠷᠣᠭᠤᠯᠵᠤ ᠬᠠᠤᠯᠢ ᠲᠦᠭᠡᠮᠡᠯᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠤᠯᠤᠰ ᠤᠨ ᠠᠮᠤᠷ ᠲᠦᠪᠰᠢᠨ︾ ᠭᠡᠬᠦ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/17
    ᠤᠯᠤᠰ ᠤᠨ ᠠᠮᠤᠷ ᠲᠦᠪᠰᠢᠨ ᠪᠣᠯ ᠤᠯᠤᠰ ᠢ ᠠᠮᠤᠷᠵᠢᠭᠤᠯᠬᠤ ᠶᠢᠨ ᠴᠢᠬᠤᠯᠠ ᠰᠠᠭᠤᠷᠢ ᠮᠥᠨ᠂ ᠤᠯᠤᠰ ᠤᠨ ᠣᠷᠣᠰᠢᠨ ᠲᠣᠭᠲᠠᠨᠢᠬᠤ ᠪᠠ ᠬᠥᠭᠵᠢᠬᠦ ᠶᠢᠨ ᠴᠢᠬᠤᠯᠠ ᠪᠠᠲᠤᠯᠠᠭ᠎ᠠ ᠮᠥᠨ᠂ ᠮᠠᠨ ᠤ ᠬᠥᠮᠦᠨ ᠨᠢᠭᠡᠪᠦᠷᠢ ᠶᠢᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠶᠤᠮ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠣᠯ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠮᠥᠨ᠃ ᠣᠯᠠᠨ ᠨᠡᠶᠢᠲᠡ ᠶᠢᠨ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠣᠢ ᠪᠣᠯᠭᠠᠵᠤ᠂ ᠬᠠᠷᠢᠶᠠᠲᠤ ᠣᠷᠣᠨ ᠤ ᠣᠯᠠᠨ ᠲᠦᠮᠡᠨ ᠳᠤ ︽ᠤᠯᠤᠰ ᠤᠨ ᠠᠮᠤᠷ ᠲᠦᠪᠰᠢᠨ ᠢ ᠬᠠᠮᠠᠭᠠᠯᠠᠬᠤ᠂ ᠣᠯᠠᠨ ᠨᠡᠶᠢᠲᠡ ᠶᠢᠨ ᠠᠮᠤᠷ ᠲᠦᠪᠰᠢᠨ ᠢ ᠬᠥᠮᠦᠨ ᠪᠦᠬᠦᠨ ᠬᠢᠵᠦ ᠪᠣᠯᠬᠤ︾ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠭᠤᠯᠬᠤ ᠶᠢᠨ ᠲᠥᠯᠥᠭᠡ᠂ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠪᠦᠲᠦᠯ ᠦᠭᠡᠢ ᠨᠡᠶᠢᠭᠡᠮ ᠲᠣᠭᠤᠷᠢᠭ ᠲᠤ ᠭᠦᠨᠵᠡᠭᠡᠶᠢᠷᠡᠨ ︽ᠨᠠᠮ ᠤᠨ ᠳᠠᠭᠤᠨ ᠢ ᠲᠦᠮᠡᠨ ᠡᠷᠦᠬᠡ ᠳᠤ ᠣᠷᠣᠭᠤᠯᠵᠤ ᠬᠠᠤᠯᠢ ᠲᠦᠭᠡᠮᠡᠯᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠤᠯᠤᠰ ᠤᠨ ᠠᠮᠤᠷ ᠲᠦᠪᠰᠢᠨ︾ ᠵᠢᠴᠢ ︽ᠬᠠᠤᠯᠢ ᠶᠢ ᠲᠦᠮᠡᠨ ᠡᠷᠦᠬᠡ ᠳᠤ ᠬᠦᠷᠭᠡᠵᠦ ᠦᠨᠳᠦᠰᠦᠨ ᠱᠠᠲᠤᠨ ᠳᠤ ᠦᠢᠯᠡᠴᠢᠯᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠴᠢᠳ ᠭᠤᠶᠢᠳᠠ ᠰᠠᠶᠢᠬᠠᠨ ᠬᠠᠤᠯᠢ ᠪᠠᠷ ᠵᠠᠰᠠᠬᠤ ᠤᠷᠠᠨ ᠰᠠᠶᠢᠬᠠᠨ ᠤ ᠲᠣᠭᠯᠠᠯᠲᠠ ᠲᠠᠢ ᠤᠶᠠᠯᠳᠤᠭᠤᠯᠤᠨ᠂ ᠲᠤᠬᠠᠢ ᠶᠢᠨ ᠲᠠᠯᠠᠪᠤᠷ ᠤᠨ ᠦᠵᠡᠭᠴᠢᠳ ᠲᠤ ︽ᠦᠨᠳᠦᠰᠦᠨ ᠬᠠᠤᠯᠢ︾᠂ ︽ᠤᠯᠤᠰ ᠤᠨ ᠠᠮᠤᠷ ᠲᠦᠪᠰᠢᠨ ᠤ ᠬᠠᠤᠯᠢ︾᠂ ︽ᠲᠠᠩᠨᠠᠭᠤᠯ ᠢ ᠡᠰᠡᠷᠭᠦᠴᠡᠬᠦ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠨᠠᠷᠢᠨ ᠤᠬᠠᠭᠤᠯᠤᠨ ᠲᠠᠶᠢᠯᠪᠤᠷᠢᠯᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠴᠢᠬᠤᠯᠠ ᠴᠢᠨᠠᠷ ᠢ ᠲᠠᠨᠢᠭᠤᠯᠵᠤ᠂ ᠣᠯᠠᠨ ᠲᠦᠮᠡᠨ ᠳᠤ ᠶᠠᠭᠤ ᠶᠢ ᠤᠯᠤᠰ ᠤᠨ ᠠᠮᠤᠷ ᠲᠦᠪᠰᠢᠨ ᠭᠡᠬᠦ ᠂ ᠶᠠᠭᠤ ᠶᠢ ᠤᠯᠤᠰ ᠣᠷᠣᠨ ᠤ ᠠᠮᠤᠷ ᠲᠦᠪᠰᠢᠨ ᠭᠡᠬᠦ ᠵᠡᠷᠭᠡ ᠠᠭᠤᠯᠭ᠎ᠠ ᠶᠢ ᠣᠶᠢᠯᠠᠭᠠᠭᠤᠯᠵᠤ᠂ ᠡᠭᠦᠨ ᠤ ᠤᠯᠠᠮ ᠠᠴᠠ ᠲᠤᠰ ᠪᠡᠶ᠎ᠡ ᠶᠢᠨ ᠡᠳᠦᠷ ᠲᠤᠲᠤᠮ ᠤᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠵᠢᠷᠤᠮᠵᠢᠭᠤᠯᠵᠤ᠂ ᠬᠠᠤᠯᠢ ᠶᠢ ᠮᠡᠳᠡᠬᠦ ᠦᠭᠡᠢ ᠠᠴᠠ ᠪᠣᠯᠵᠤ ᠤᠯᠤᠰ ᠤᠨ ᠠᠮᠤᠷ ᠲᠦᠪᠰᠢᠨ᠂ ᠢᠷᠠᠭᠤ ᠠᠯᠳᠠᠷ ᠪᠠ ᠠᠰᠢᠭ ᠲᠤᠰᠠ ᠳᠤ ᠬᠤᠣᠷ ᠬᠥᠨᠥᠭᠡᠯ ᠤᠴᠠᠷᠠᠭᠤᠯᠬᠤ ᠦᠢᠯᠡ ᠠᠵᠢᠯᠯᠠᠭ᠎ᠠ ᠬᠢᠯᠭᠡᠵᠦ᠂ ᠥᠷᠭᠡᠨ ᠣᠯᠠᠨ ᠲᠦᠮᠡᠨ ᠢ ᠤᠯᠤᠰ ᠤᠨ ᠠᠮᠤᠷ ᠲᠦᠪᠰᠢᠨ᠂ ᠢᠷᠠᠭᠤ ᠠᠯᠳᠠᠷ ᠪᠠ ᠠᠰᠢᠭ ᠲᠤᠰᠠ ᠳᠤ ᠬᠤᠣᠷ ᠬᠥᠨᠥᠭᠡᠯ ᠤᠴᠠᠷᠠᠭᠤᠯᠬᠤ ᠦᠢᠯᠡ ᠠᠵᠢᠯᠯᠠᠭ᠎ᠠ ᠭᠠᠷᠭᠠᠯᠭᠠᠬᠤ ᠬᠡᠷᠡᠭᠲᠡᠢ ᠭᠡᠵᠦ ᠤᠷᠢᠶᠠᠯᠠᠪᠠ᠃    ᠠᠵᠢᠯᠯᠠᠭ᠎ᠠ ᠶᠢᠨ ᠳᠤᠮᠳᠠ ᠪᠠᠰᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ︽ᠢᠷᠭᠡᠨ ᠤ ᠬᠠᠤᠯᠢ ᠶᠢᠨ ᠪᠢᠴᠢᠭ︾᠂ ︽ᠠᠶᠤᠯᠭᠦᠢ ᠦᠢᠯᠡᠳᠪᠦᠷᠢᠯᠡᠯ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠳᠦᠷᠢᠮ︾᠂ ︽ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠡᠰᠡᠷᠭᠦᠴᠡᠬᠦ ᠬᠠᠤᠯᠢ︾᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠬᠤᠣᠷ ᠴᠠᠭᠠᠵᠠᠯᠠᠬᠤ᠂ ᠭᠠᠵᠢᠭᠤ ᠨᠣᠮᠯᠠᠯ ᠢ ᠡᠰᠡᠷᠭᠦᠴᠡᠬᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ᠂ ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠵᠡᠷᠭᠡ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠮᠠᠲ᠋ᠧᠷᠢᠶᠠᠯ ᠢ 500 ᠭᠠᠷᠤᠢ ᠬᠤᠪᠢ ᠲᠠᠷᠬᠠᠭᠠᠪᠠ᠃    ᠲᠤᠰ ᠤᠳᠠᠭᠠᠨ ᠤ ᠠᠵᠢᠯᠯᠠᠭ᠎ᠠ ᠳᠤ᠂ ︽ᠤᠯᠤᠰ ᠤᠨ ᠠᠮᠤᠷ ᠲᠦᠪᠰᠢᠨ ᠤ ᠬᠠᠤᠯᠢ︾᠎ ᠶᠢ ᠰᠤᠷᠤᠯᠴᠠᠬᠤ᠂ ᠤᠬᠠᠭᠤᠯᠬᠤ᠂ ᠲᠤᠤᠱᠯᠠᠭᠤᠯᠬᠤ ᠬᠠᠯᠠᠭᠤᠨ ᠥᠷᠨᠢᠯᠲᠡ ᠶᠢ ᠪᠤᠢ ᠪᠣᠯᠭᠠᠭᠰᠠᠨ ᠢᠶᠠᠷ ᠪᠠᠷᠠᠬᠤ ᠦᠭᠡᠢ᠂ ᠪᠠᠰᠠ ᠰᠠᠭᠤᠭᠠᠯᠢ ᠠᠷᠠᠳ ᠤᠨ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ︽ᠤᠯᠤᠰ ᠤᠨ ᠠᠮᠤᠷ ᠲᠦᠪᠰᠢᠨ᠂ ᠬᠥᠮᠦᠨ ᠪᠦᠬᠦᠨ ᠬᠠᠷᠢᠭᠤᠴᠠᠯᠭ᠎ᠠ ᠲᠠᠢ︾ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠤᠯᠤᠰ ᠲᠥᠷᠥ ᠶᠢᠨ ᠲᠣᠭᠲᠠᠭᠤᠨ ᠪᠠᠶᠢᠳᠠᠯ ᠢ ᠰᠠᠶᠢᠲᠤᠷ ᠬᠠᠮᠠᠭᠠᠯᠠᠬᠤ ᠰᠠᠭᠤᠷᠢ ᠶᠢ ᠪᠠᠲᠤᠳᠬᠠᠪᠠ᠃ ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠦᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ︽ᠤᠯᠤᠰ ᠤᠨ ᠠᠮᠤᠷ ᠲᠦᠪᠰᠢᠨ᠂ ᠬᠥᠮᠦᠨ ᠪᠦᠬᠦᠨ ᠬᠠᠷᠢᠭᠤᠴᠠᠯᠭ᠎ᠠ︾ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号