ᠰᠢᠨ ᠰᠢᠤᠸᠠᠨ ᠪᠦᠯᠦᠭᠯᠡᠯ ᠤᠨ ᠥᠪᠥᠷ ᠮᠣᠩᠭᠤᠯ ᠤᠨ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠶᠢᠨ ᠲᠥᠷᠥᠯ ᠵᠦᠢᠯ ᠵᠢᠩᠬᠢᠨᠢ ᠪᠠᠷ ᠠᠵᠢᠯ ᠡᠬᠢᠯᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾᠎ ᠤ ᠠᠵᠤ ᠦᠢᠯᠡᠰ ᠢ ᠬᠥᠭᠵᠢᠭᠦᠯᠬᠦ ᠳᠤ ᠪᠦᠬᠦ ᠲᠠᠯ᠎ᠠ ᠪᠠᠷ ᠬᠦᠴᠦᠨ ᠨᠡᠮᠡᠷᠢᠯᠡᠬᠦ ᠪᠣᠯᠤᠨ᠎ᠠ
ᠨᠡᠶᠢᠲᠡᠯᠡᠭᠰᠡᠨ ᠴᠠᠭ᠄
2024/4/17
   4 ᠰᠠᠷ᠎ᠠ ᠶᠢᠨ 15᠎ ᠤ ᠡᠳᠦᠷ᠂ ᠰᠢᠨ ᠰᠢᠤᠸᠠᠨ ᠪᠦᠯᠦᠭᠯᠡᠯ ᠤᠨ ᠡᠭᠦᠰᠭᠡᠨ ᠪᠠᠶᠢᠭᠤᠯᠤᠭᠴᠢ ᠰᠢᠨ ᠶᠢᠦ ᡁᠢ ︵ᠰᠦᠯᠵᠢᠶᠡᠨ ᠤ ᠨᠡᠷ᠎ᠡ ᠰᠢᠨ ᠪᠠ︶ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠪᠠᠶᠢᠯᠳᠤᠭᠠᠨ ᠬᠢᠵᠦ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠦᠨ᠎ᠡ ᠭᠤᠷᠪᠠᠨ ᠰᠤᠮᠤ ᠶᠢᠨ ᠵᠠᠰᠠᠯᠲᠠ ᠶᠢᠨ ᠣᠷᠣᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠳᠤ ᠤᠷᠢᠭᠳᠠᠨ ᠣᠷᠣᠯᠴᠠᠵᠤ᠂ ᠰᠢᠨ ᠰᠢᠤᠸᠠᠨ 1000 ᠮᠦ ᠡᠯᠡᠰᠦᠷᠬᠡᠭ ᠭᠠᠵᠠᠷ ᠢ ᠨᠣᠭᠤᠭᠠᠷᠠᠭᠤᠯᠬᠤ ᠡᠭᠦᠷᠭᠡ ᠶᠢ ᠳᠠᠭᠠᠭᠠᠨ ᠠᠪᠴᠤ᠂ ᠥᠪᠥᠷ ᠮᠣᠩᠭᠤᠯ ᠳᠤ ᠨᠣᠭᠤᠭᠠᠨ ᠥᠩᠭᠡ ᠨᠡᠮᠡᠷᠢᠯᠡᠨ᠎ᠡ ᠭᠡᠵᠦ ᠨᠡᠶᠢᠲᠡᠯᠡᠪᠡ᠃ ᠲᠤᠰ ᠡᠳᠦᠷ᠂ ᠰᠢᠨ ᠰᠢᠤᠸᠠᠨ ᠪᠦᠯᠦᠭᠯᠡᠯ ᠪᠣᠯᠤᠨ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠬᠠᠮᠲᠤᠷᠠᠨ ᠪᠡᠯᠡ ᠣᠷᠣᠭᠤᠯᠵᠤ ᠪᠦᠲᠦᠭᠡᠨ ᠪᠠᠶᠢᠭᠤᠯᠤᠭᠰᠠᠨ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠶᠢᠨ ᠰᠠᠭᠤᠷᠢᠨ ᠭᠠᠵᠠᠷ ᠵᠢᠩᠬᠢᠨᠢ ᠪᠠᠷ ᠠᠵᠢᠯ ᠡᠬᠢᠯᠡᠪᠡ᠃    ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠡᠭᠦᠨ ᠬᠤᠶᠢᠲᠤ ᠣᠷᠣᠨ ᠤ ᠭᠠᠵᠠᠷ ᠵᠦᠢ ᠬᠢᠭᠡᠳ ᠲᠠᠷᠢᠶᠠᠯᠠᠩ ᠤᠨ ᠠᠮᠢ ᠠᠬᠤᠢ ᠶᠢᠨ ᠰᠤᠳᠤᠯᠭᠠᠨ ᠤ ᠭᠠᠵᠠᠷ ᠵᠡᠷᠭᠡ ᠲᠥᠪ ᠤᠨ ᠪᠠ ᠲᠥᠷᠥ ᠶᠢᠨ ᠪᠠᠶᠢᠭᠤᠯᠭ᠎ᠠ᠂ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠮᠠ ᠢ ᠣᠢ ᠰᠢᠭᠤᠢ ᠶᠢᠨ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠪᠡᠭᠡᠵᠢᠩ ᠬᠤᠲᠠ ᠶᠢᠨ ᠬᠠᠢ ᠳ᠋ᠢᠶᠠᠨ ᠲᠣᠭᠤᠷᠢᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠳᠤᠮᠳᠠᠳᠤ ᠤᠯᠤᠰ ᠤᠨ ᠭᠤᠸᠠᠩ ᠾᠧ ᠪᠦᠯᠦᠭᠯᠡᠯ᠂ ᠮᠧᠩ ᠼᠤᠤ ᠵᠡᠷᠭᠡ ᠬᠢᠩᠭᠠᠨ ᠠᠶᠢᠮᠠᠭ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠤᠨ ᠬᠤᠯᠪᠣᠭᠠᠲᠤ ᠴᠣᠭᠴᠠ ᠶᠢᠨ ᠪᠦᠷᠢᠯᠳᠦᠬᠦᠨ ᠨᠢᠭᠡᠴᠡ᠂ ᠰᠢᠨ ᠵᠧᠨ ᠪᠦᠯᠦᠭᠯᠡᠯ ᠤᠨ ᠨᠡᠶᠢᠲᠡ ᠶᠢᠨ ᠠᠰᠠᠷᠠᠮᠵᠢ ᠶᠢᠨ ᠪᠦᠯᠬᠦᠮ ᠤᠨ ᠠᠵᠢᠯᠲᠠᠳ ᠲᠤᠬᠠᠢ ᠶᠢᠨ ᠭᠠᠵᠠᠷ ᠤᠨ ᠺᠠᠳ᠋ᠷ ᠣᠯᠠᠨ ᠲᠦᠮᠡᠨ ᠲᠠᠢ ᠬᠠᠮᠲᠤ ᠪᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠮᠣᠳᠣ ᠲᠠᠷᠢᠵᠤ ᠣᠶᠢᠵᠢᠭᠤᠯᠬᠤ ᠪᠠ ᠡᠪᠡᠰᠦ ᠲᠠᠷᠢᠵᠤ᠂ ᠮᠠᠩᠬᠠᠨ ᠰᠢᠷ᠎ᠠ ᠡᠯᠡᠰᠦ ᠶᠢ ᠨᠠᠮᠬᠠᠨ ᠨᠣᠭᠤᠭᠠᠷᠠᠭᠤᠯᠵᠤ ᠪᠤᠢ᠃    ᠰᠢᠨ ᠰᠢᠤᠸᠠᠨ ᠤ ᠡᠭᠦᠰᠭᠡᠨ ᠪᠠᠶᠢᠭᠤᠯᠤᠭᠴᠢ ᠰᠢᠨ ᠶᠢᠦ ᡁᠢ ᠢᠯᠡᠷᠬᠡᠶᠢᠯᠡᠬᠦ ᠳᠡᠭᠡᠨ᠂ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠪᠠᠶᠢᠯᠳᠤᠭᠠᠨ ᠪᠣᠯ ︽ᠭᠤᠷᠪᠠᠨ ᠤᠮᠠᠷᠠᠲᠤ︾᠎ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠨᠢᠭᠡ ᠮᠥᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠣᠯ ᠬᠢᠩᠭᠠᠨ ᠠᠶᠢᠮᠠᠭ ᠤᠨ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠤ ᠭᠤᠣᠯ ᠳᠠᠶᠢᠨ ᠤ ᠲᠠᠯᠠᠪᠤᠷ ᠮᠥᠨ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠰᠢᠨ ᠰᠢᠤᠸᠠᠨ ᠮᠠᠰᠢ ᠠᠵᠠ ᠵᠠᠪᠰᠢᠶᠠᠨ ᠢᠶᠠᠷ ᠡᠨᠡ ᠤᠳᠠᠭ᠎ᠠ ᠶᠢᠨ ᠤᠯᠤᠰ ᠤᠨ ᠠᠵᠢᠯᠯᠠᠭ᠎ᠠ ᠳᠤ ᠣᠷᠣᠯᠴᠠᠵᠤ᠂ ᠬᠠᠮᠲᠤ ᠪᠠᠷ ︽ᠣᠳᠣ ᠦᠶ᠎ᠡ ᠳᠤ ᠭᠠᠪᠢᠶ᠎ᠠ ᠲᠠᠢ᠂ ᠥᠨᠢ ᠡᠭᠦᠷᠢᠳᠡ ᠠᠰᠢᠭᠲᠠᠢ︾ ᠶᠠᠪᠤᠳᠠᠯ ᠢ ᠬᠢᠵᠦ ᠴᠢᠳᠠᠬᠤ ᠶᠤᠮ᠃ ᠰᠢᠨ ᠶᠢᠦ ᡁᠢ ᠬᠡᠯᠡᠬᠦ ᠳᠤ ᠪᠠᠨ᠂ ᠰᠢᠨ ᠰᠢᠤᠸᠠᠨ 1000 ᠮᠦ ᠡᠯᠡᠰᠦᠷᠬᠡᠭ ᠭᠠᠵᠠᠷ ᠤᠨ ᠨᠣᠭᠤᠭᠠᠷᠠᠭᠤᠯᠤᠯᠲᠠ ᠶᠢᠨ ᠡᠭᠦᠷᠭᠡ ᠶᠢ ᠳᠠᠭᠠᠭᠠᠨ ᠠᠪᠴᠤ᠂ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠨ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃    ᠲᠤᠰ ᠡᠳᠦᠷ ᠤᠨ ᠦᠳᠡ ᠶᠢᠨ ᠬᠤᠶᠢᠨ᠎ᠠ᠂ ᠰᠢᠨ ᠶᠢᠦ ᡁᠢ ᠲᠤᠬᠠᠢ ᠶᠢᠨ ᠭᠠᠵᠠᠷ ᠤᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠥᠪᠥᠷ ᠮᠣᠩᠭᠤᠯ ᠤᠨ ᠬᠤᠸᠠ ᠶᠠᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠶᠠᠷᠢᠯᠴᠠᠬᠤ ᠬᠤᠷᠠᠯ ᠳᠤ ᠣᠷᠣᠯᠴᠠᠪᠠ᠃ ᠰᠢᠨ ᠶᠢᠦ ᡁᠢ ᠬᠡᠯᠡᠬᠦ ᠳᠡᠭᠡᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠠᠮᠢ ᠠᠬᠤᠢ ᠶᠢ ᠴᠢᠬᠤᠯᠠᠴᠢᠯᠠᠵᠤ᠂ ᠦᠬᠡᠷ ᠤᠨ ᠦᠢᠯᠡᠰ ᠢ ᠬᠥᠭᠵᠢᠭᠦᠯᠵᠦ᠂ ᠰᠣᠶᠣᠯ ᠵᠢᠭᠤᠯᠴᠢᠯᠠᠯ ᠢ ᠠᠬᠢᠭᠤᠯᠬᠤ ︾ ᠬᠥᠭᠵᠢᠯᠲᠡ ᠶᠢᠨ ᠰᠡᠳᠬᠢᠮᠵᠢ ᠶᠢ ᠴᠤᠤᠷᠢᠶᠠᠲᠤᠨ ᠳᠠᠭᠠᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾᠎ ᠤ ᠠᠵᠤ ᠦᠢᠯᠡᠰ ᠢ ᠬᠥᠭᠵᠢᠭᠦᠯᠬᠦ ᠳᠤ ᠬᠦᠴᠦ ᠨᠡᠮᠡᠷᠢᠯᠡᠨ᠎ᠡ ᠭᠡᠵᠡᠢ᠃ ᠲᠤᠬᠠᠢ ᠶᠢᠨ ᠭᠠᠵᠠᠷ ᠤᠨ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠬᠠᠪᠰᠤᠷᠤᠨ ᠲᠡᠳᠬᠦᠬᠦ ᠶᠢᠨ ᠲᠥᠯᠥᠭᠡ᠂ 2023 ᠣᠨ ᠳᠤ ᠰᠢᠨ ᠰᠢᠤᠸᠠᠨ ᠬᠤᠸᠠ ᠶᠠᠩ ᠦᠬᠡᠷ ᠤᠨ ᠦᠢᠯᠡᠰ ᠲᠠᠢ ᠬᠠᠮᠲᠤᠷᠠᠨ ᠠᠵᠢᠯᠯᠠᠵᠤ᠂ ᠲᠤᠬᠠᠢ ᠶᠢᠨ ᠵᠢᠯ ᠳᠤ 5000 ᠲᠦᠮᠡᠨ ᠲᠥᠭᠦᠷᠢᠭ ᠤᠨ ᠦᠬᠡᠷ ᠤᠨ ᠮᠢᠬ᠎ᠠ ᠪᠣᠷᠣᠯᠠᠭᠤᠯᠵᠤ᠂ ᠠᠩᠬ᠎ᠠ ᠤᠳᠠᠭ᠎ᠠ ᠲᠣᠮᠣ ᠬᠡᠯᠪᠡᠷᠢ ᠶᠢᠨ ᠰᠢᠭᠤᠳ ᠨᠡᠪᠲᠡᠷᠡᠭᠦᠯᠭᠡ ᠶᠢᠨ ᠲᠠᠰᠤᠭ ᠤᠨ ᠮᠥᠰᠥᠨ ᠰᠣᠷᠭᠤᠭ ᠦᠬᠡᠷ ᠤᠨ ᠮᠢᠬ᠎ᠠ ᠶᠢ ᠰᠢᠭᠤᠳ ᠪᠣᠷᠣᠯᠠᠭᠤᠯᠬᠤ ᠶᠢ ᠪᠡᠶᠡᠯᠡᠭᠦᠯᠵᠦ᠂ ᠬᠤᠷᠴᠢᠨ ᠤ ᠲᠠᠯ᠎ᠠ ᠨᠤᠲᠤᠭ ᠤᠨ ᠰᠢᠨ᠎ᠡ ᠰᠣᠷᠭᠤᠭ ᠦᠬᠡᠷ ᠤᠨ ᠮᠢᠬ᠎ᠠ ᠶᠢ ᠠᠯᠠᠵᠤ ᠨᠢᠲᠤᠯᠤᠭᠰᠠᠨ ᠤ ᠳᠠᠷᠠᠭᠠᠬᠢ 3 ᠡᠳᠦᠷ ᠤᠨ ᠳᠣᠲᠣᠷ᠎ᠠ ᠪᠦᠬᠦ ᠤᠯᠤᠰ ᠤᠨ ᠬᠡᠷᠡᠭᠯᠡᠭᠴᠢᠳ ᠤᠨ ᠬᠤᠭᠤᠯᠠᠨ ᠰᠢᠷᠡᠭᠡᠨ ᠳᠤ ᠣᠷᠣᠭᠤᠯᠪᠠ᠃         ᠳᠠᠷᠠᠭᠠᠴᠢ ᠶᠢᠨ ᠠᠯᠬᠤᠮ ᠳᠤ᠂ ᠰᠢᠨ ᠰᠢᠤᠸᠠᠨ ᠬᠤᠸᠠ ᠶᠠᠩ ᠦᠬᠡᠷ ᠤᠨ ᠦᠢᠯᠡᠰ ᠵᠡᠷᠭᠡ ᠥᠪᠥᠷ ᠮᠣᠩᠭᠤᠯ ᠤᠨ ᠠᠵᠤ ᠠᠬᠤᠶᠢᠯᠠᠯ ᠲᠠᠢ ᠭᠦᠨᠵᠡᠭᠡᠢ ᠬᠠᠮᠲᠤᠷᠠᠯᠴᠠᠵᠤ᠂ ᠦᠬᠡᠷ ᠬᠤᠨᠢᠨ ᠤ ᠪᠦᠬᠦ ᠠᠵᠤ ᠦᠢᠯᠡᠰ ᠤᠨ ᠬᠡᠯᠬᠢᠶ᠎ᠡ ᠶᠢ ᠥᠷᠭᠡᠳᠬᠡᠵᠦ᠂ ᠨᠥᠯᠥᠭᠡᠯᠡᠬᠦ ᠬᠦᠴᠦᠨ ᠲᠠᠢ ᠲᠠᠯ᠎ᠠ ᠨᠤᠲᠤᠭ ᠤᠨ ᠦᠬᠡᠷ ᠬᠤᠨᠢᠨ ᠮᠢᠬᠠᠨ ᠤ ᠲᠦᠷᠦᠯ ᠲᠡᠮᠳᠡᠭ ᠢ ᠪᠤᠶᠢᠵᠢᠭᠤᠯᠤᠨ᠎ᠠ᠃    ᠲᠤᠰ ᠡᠳᠦᠷ᠂ ᠰᠢᠨ ᠰᠢᠤᠸᠠᠨ ᠪᠦᠯᠦᠭᠯᠡᠯ ᠪᠠᠰᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠠᠢ ᠬᠠᠮᠲᠤ ᠪᠠᠷ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠶᠢᠨ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠵᠢᠴᠢ ᠰᠢᠨ ᠰᠢᠤᠸᠠᠨ ᠪᠦᠯᠦᠭᠯᠡᠯ ᠤᠨ ᠥᠪᠥᠷ ᠮᠣᠩᠭᠤᠯ ᠤᠨ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠶᠢᠨ ᠰᠠᠭᠤᠷᠢᠨ ᠭᠠᠵᠠᠷ ᠤᠨ ᠠᠵᠢᠯ ᠡᠬᠢᠯᠡᠭᠦᠯᠬᠦ ᠶᠣᠰᠣᠯᠠᠯ ᠢ ᠡᠷᠬᠢᠯᠡᠪᠡ᠃    ᠰᠢᠨ ᠰᠢᠤᠸᠠᠨ ᠪᠦᠯᠦᠭᠯᠡᠯ ᠤᠨ ᠬᠤᠷᠰᠢᠭᠴᠢ ᠴᠢᠩ ᠬᠠᠢ ᠲᠠᠨᠢᠯᠴᠠᠭᠤᠯᠤᠭᠰᠠᠨ ᠢᠶᠠᠷ᠂ ᠲᠤᠰ ᠰᠠᠭᠤᠷᠢᠨ ᠭᠠᠵᠠᠷ ᠢ ᠰᠢᠨ ᠰᠢᠤᠸᠠᠨ ᠪᠦᠯᠦᠭᠯᠡᠯ ᠪᠣᠯᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠬᠠᠮᠲᠤᠷᠠᠨ ᠪᠡᠯᠡ ᠣᠷᠣᠭᠤᠯᠵᠤ ᠪᠦᠲᠦᠭᠡᠨ ᠪᠠᠶᠢᠭᠤᠯᠤᠨ᠎ᠠ᠃ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠳᠤ ᠵᠠᠬᠢᠶᠠᠯᠠᠭ᠎ᠠ ᠶᠢᠨ ᠲᠠᠷᠢᠶᠠᠯᠠᠩ ᠤᠨ ᠠᠷᠭ᠎ᠠ ᠮᠠᠶ᠋ᠢᠭ ᠢᠶᠠᠷ 1 ᠲᠦᠮᠡᠨ ᠮᠦ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠲᠠᠷᠢᠵᠤ᠂ ᠲᠠᠷᠢᠶᠠᠴᠢᠳ ᠢ ᠬᠠᠪᠰᠤᠷᠤᠨ ᠮᠦ ᠪᠦᠷᠢ ᠶᠢᠨ ᠣᠷᠣᠯᠭ᠎ᠠ ᠶᠢ 300 ᠲᠥᠭᠦᠷᠢᠭ ᠨᠡᠮᠡᠭᠳᠡᠭᠦᠯᠵᠦ᠂ ᠵᠢᠯ ᠳᠤ 3000 ᠲᠦᠮᠡᠨ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠶᠢ ᠦᠢᠯᠡᠳᠪᠦᠷᠢᠯᠡᠵᠦ᠂ ᠵᠢᠯ ᠤᠨ ᠦᠢᠯᠡᠳᠬᠦᠨ ᠤ ᠥᠷᠲᠡᠭ ᠨᠢ 1 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠬᠤ ᠶᠢ ᠲᠥᠯᠥᠪᠵᠢᠭᠦᠯᠦᠨ᠎ᠡ᠃ ᠲᠥᠷᠥᠯ ᠵᠦᠢᠯ ᠤᠨ ᠬᠤᠶᠠᠳᠤᠭᠠᠷ ᠬᠤᠭᠤᠴᠠᠭᠠᠨ ᠳᠤ ᠰᠢᠨ᠎ᠡ ᠰᠣᠷᠭᠤᠭ ᠡᠷᠳᠡᠨᠢ ᠰᠢᠰᠢ ᠶᠢᠨ ᠮᠥᠬᠦᠯᠢᠭ᠂ ᠡᠷᠳᠡᠨᠢ ᠰᠢᠰᠢ ᠶᠢᠨ ᠰᠢᠭᠦᠰᠦ ᠵᠡᠷᠭᠡ ᠪᠦᠲᠦᠭᠡᠭᠳᠡᠬᠦᠨ ᠢ ᠠᠯᠬᠤᠮ ᠠᠯᠬᠤᠮ ᠢᠶᠠᠷ ᠥᠷᠭᠡᠳᠬᠡᠨ ᠦᠢᠯᠡᠳᠪᠦᠷᠢᠯᠡᠨ᠎ᠡ᠃ ᠢᠷᠡᠭᠡᠳᠦᠢ ᠳᠤ ᠰᠢᠨ ᠰᠢᠤᠸᠠᠨ ᠪᠠᠰᠠ ᠥᠪᠡᠷ ᠤᠨ ᠤᠷᠤᠰᠬᠠᠯ ᠤᠨ ᠬᠡᠮᠵᠢᠶ᠎ᠡ ᠶᠢᠨ ᠳᠠᠪᠠᠭᠤᠯᠢᠭ ᠢᠶᠠᠷ ᠳᠠᠮᠵᠢᠭᠤᠯᠤᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ᠬᠠᠪᠰᠤᠷᠤᠨ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠪᠠᠶᠢᠭᠤᠯᠵᠤ᠂ ᠲᠤᠬᠠᠢ ᠶᠢᠨ ᠭᠠᠵᠠᠷ ᠤᠨ ᠭᠤᠣᠯ ᠨᠡᠪᠲᠡᠷᠡᠭᠦᠯᠭᠡ ᠶᠢ ᠪᠠᠶᠢᠭᠤᠯᠤᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠬᠦ ᠪᠠᠷ ᠲᠥᠯᠥᠪᠯᠡᠵᠦ ᠪᠠᠶᠢᠨ᠎ᠠ᠃    ᠮᠡᠳᠡᠭᠡᠯᠡᠯ ᠢ ᠦᠨᠳᠦᠰᠦᠯᠡᠪᠡᠯ᠂ ᠰᠢᠨ ᠰᠢᠤᠸᠠᠨ ᠪᠦᠯᠦᠭᠯᠡᠯ 2017 ᠣᠨ ᠳᠤ ᠪᠠᠶᠢᠭᠤᠯᠤᠭᠳᠠᠵᠤ᠂ ᠬᠠᠩᠭᠠᠯᠭ᠎ᠠ ᠶᠢᠨ ᠬᠡᠯᠬᠢᠶ᠎ᠡ ᠪᠠᠷ ᠭᠤᠣᠯ ᠪᠣᠯᠭᠠᠭᠰᠠᠨ ᠲᠣᠭᠠᠴᠢᠯᠠᠭᠰᠠᠨ ᠰᠢᠨ᠎ᠡ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠪᠣᠯᠤᠨ᠎ᠠ᠂ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ᠂ ᠤᠯᠠᠭᠠᠨ ᠬᠥᠮᠦᠨ ᠢ ᠨᠡᠪᠴᠢᠭᠦᠯᠬᠦ᠂ ᠲᠣᠭᠠᠴᠢᠯᠠᠭᠰᠠᠨ ᠡᠯᠧᠺᠳ᠋ᠷᠣᠨ ᠬᠤᠳᠠᠯᠳᠤᠭ᠎ᠠ ᠵᠡᠷᠭᠡ ᠣᠯᠠᠨ ᠲᠤᠬᠠᠶᠢᠯᠠᠭᠰᠠᠨ ᠠᠵᠢᠯ ᠤᠨ ᠬᠡᠪᠯᠡᠯ ᠤᠨ ᠬᠡᠰᠡᠭ ᠢ ᠪᠠᠶᠢᠭᠤᠯᠵᠤ᠂ 2023 ᠣᠨ ᠳᠤ ᠪᠦᠯᠦᠭᠯᠡᠯ ᠤᠨ GMV 500 ᠳ᠋ᠦᠩᠰᠢᠭᠤᠷ ᠲᠥᠭᠦᠷᠢᠭ ᠢ ᠳᠠᠪᠠᠵᠠᠢ᠃ ᠰᠢᠨ ᠰᠣᠩᠭᠤᠭᠤᠯᠢ ᠨᠡᠶᠢᠭᠡᠮ ᠤᠨ ᠨᠡᠶᠢᠲᠡ ᠶᠢᠨ ᠠᠰᠠᠷᠠᠮᠵᠢ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠲᠤ ᠵᠢᠳᠬᠦᠭᠰᠡᠭᠡᠷ ᠢᠷᠡᠵᠡᠢ᠂ ᠣᠳᠣ ᠪᠣᠯᠲᠠᠯ᠎ᠠ ᠰᠢᠨ ᠰᠢᠤᠸᠠᠨ ᠨᠢᠭᠡᠨᠲᠡ 4 ᠳ᠋ᠦᠩᠰᠢᠭᠤᠷ ᠰᠢᠬᠠᠮ ᠲᠥᠭᠦᠷᠢᠭ ᠤᠨ ᠵᠣᠭᠤᠰ ᠮᠥᠩᠭᠦ ᠡᠳ᠋ ᠪᠣᠳᠠᠰ ᠬᠠᠨᠳᠢᠪᠯᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠᠷ ᠳᠠᠮᠵᠢᠭᠤᠯᠤᠨ᠂ ᠲᠠᠷᠢᠶᠠᠯᠠᠩ ᠤᠨ ᠦᠢᠯᠡᠳᠪᠦᠷᠢᠯᠡᠯ ᠪᠠ ᠡᠳ᠋ᠰᠢᠭᠦᠯᠬᠦ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ ᠲᠤᠰ ᠭᠠᠵᠠᠷ ᠤᠨ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠪᠠ ᠰᠢᠭᠤᠳ ᠨᠡᠪᠲᠡᠷᠡᠭᠦᠯᠭᠡ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠣᠢ ᠪᠣᠯᠭᠠᠵᠤ᠂ ᠣᠯᠠᠨ ᠭᠠᠵᠠᠷ ᠲᠤ ᠲᠠᠷᠢᠶᠠᠯᠠᠩ ᠢ ᠲᠤᠰᠠᠯᠠᠬᠤ ᠰᠢᠭᠤᠳ ᠨᠡᠪᠲᠡᠷᠡᠭᠦᠯᠭᠡ ᠶᠢ ᠡᠷᠬᠢᠯᠡᠵᠦ᠂ ᠲᠠᠷᠢᠶᠠᠴᠢᠳ ᠢ ᠲᠤᠰᠠᠯᠠᠬᠤ ᠪᠠᠷᠠᠭ᠎ᠠ ᠨᠡᠶᠢᠲᠡ 15 ᠳ᠋ᠦᠩᠰᠢᠭᠤᠷ ᠲᠥᠭᠦᠷᠢᠭ ᠢ ᠳᠠᠪᠠᠭᠰᠠᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号