ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ ᠬᠥᠳᠡᠭᠡ ᠪᠠᠭᠤᠯᠭᠠᠬᠤ︾ ᠰᠢᠷᠢᠰ ᠠᠵᠢᠯᠯᠠᠭ᠎ᠠ ᠳᠤ ᠢᠳᠡᠪᠬᠢᠲᠡᠢ ᠣᠷᠣᠯᠴᠠᠪᠠ
ᠨᠡᠶᠢᠲᠡᠯᠡᠭᠰᠡᠨ ᠴᠠᠭ᠄
2024/4/17
   4 ᠰᠠᠷ᠎ᠠ ᠶᠢᠨ 15᠎ ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠢᠶᠠᠷ ᠲᠦᠷᠦᠭᠦᠯᠡᠭᠦᠯᠦᠨ ᠵᠣᠬᠢᠶᠠᠨ ᠪᠠᠶᠢᠭᠤᠯᠵᠤ ᠡᠷᠭᠢᠯᠡᠭᠰᠡᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ ᠬᠥᠳᠡᠭᠡ ᠪᠠᠭᠤᠯᠭᠠᠬᠤ︾ ᠰᠢᠷᠢᠰ ᠠᠵᠢᠯᠯᠠᠭ᠎ᠠ ᠰᠢᠷᠭᠠᠨᠤᠰᠤ ᠭᠠᠴᠠᠭ᠎ᠠ ᠳᠤ ᠶᠠᠪᠤᠭᠳᠠᠪᠠ᠃ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢ᠊ ᠡᠶ᠎ᠡ ᠨᠢ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠡᠮᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠤᠷ ᠲᠤ ᠬᠦᠷᠴᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢ᠊ ᠡᠶ᠎ᠡ ᠨᠢ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠲᠦᠷᠭᠡᠨ ᠡᠮᠨᠡᠬᠦ ᠰᠠᠯᠠᠭ᠎ᠠ᠂ ᠰᠢᠬᠢᠷ ᠰᠢᠭᠡᠰᠦᠨ ᠡᠪᠡᠳᠴᠢᠨ ᠤ ᠰᠠᠯᠠᠭ᠎ᠠ᠂ ᠲᠠᠷᠢᠬᠢᠨ ᠤ ᠡᠪᠡᠳᠴᠢᠨ ᠤ ᠰᠠᠯᠠᠭ᠎ᠠ᠂ ᠪᠠᠶᠢᠴᠠᠭᠠᠨ ᠰᠢᠯᠭᠠᠬᠤ ᠰᠠᠯᠠᠭ᠎ᠠ ᠵᠡᠷᠭᠡ ᠡᠮᠴᠢᠯᠡᠭᠡᠨ ᠤ ᠲᠤᠰᠬᠠᠢ ᠮᠡᠷᠭᠡᠵᠢᠯᠲᠡᠨ ᠪᠠ ᠰᠠᠶᠢᠨ ᠳᠤᠷ᠎ᠠ ᠶᠢᠨ ᠠᠵᠢᠯᠯᠠᠭᠴᠢ ᠶᠢ ᠰᠣᠩᠭᠤᠨ ᠲᠣᠮᠢᠯᠠᠵᠤ᠂ ᠦᠨᠳᠦᠰᠦᠨ ᠱᠠᠲᠤᠨ ᠤ ᠣᠯᠠᠨ ᠲᠦᠮᠡᠨ ᠤ ᠦᠨᠡᠨ ᠬᠦ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠲᠤᠰ ᠲᠤᠰ ᠤᠨ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠯᠠᠨ ᠲᠦᠮᠡᠨ ᠳᠤ ᠡᠷᠡᠭᠦᠯ ᠮᠡᠨᠳᠦ ᠶᠢᠨ ᠯᠠᠪᠯᠠᠭ᠎ᠠ᠂ ᠠᠷᠠᠳ ᠲᠤ ᠠᠰᠢᠭ ᠬᠦᠷᠲᠡᠭᠡᠬᠦ ᠠᠯᠪᠠᠨ ᠵᠢᠷᠤᠮ ᠤᠨ ᠡᠮᠴᠢᠯᠡᠭᠡ ᠵᠡᠷᠭᠡ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠨ᠎ᠠ᠃ ᠪᠠᠶᠢᠴᠠᠭᠠᠯᠲᠠ ᠬᠢᠬᠦ ᠪᠠᠷ ᠢᠷᠡᠭᠰᠡᠨ ᠭᠠᠴᠠᠭᠠᠨ ᠤ ᠠᠷᠠᠳ ᠬᠤᠶᠢᠨ᠎ᠠ ᠬᠤᠶᠢᠨ᠎ᠠ ᠠᠴᠠ ᠪᠠᠨ ᠴᠤᠪᠤᠷᠠᠵᠤ ᠪᠠᠶᠢᠨ᠎ᠠ᠃ ᠮᠠᠨ ᠤ ᠡᠮᠨᠡᠯᠭᠡ ᠶᠢᠨ ᠠᠵᠢᠯᠲᠠᠳ ᠡᠪᠡᠳᠴᠢᠨ ᠦᠵᠡᠭᠦᠯᠬᠦ ᠪᠠᠷ ᠢᠷᠡᠭᠰᠡᠨ ᠲᠣᠰᠬᠤᠨ ᠤ ᠠᠷᠠᠳ ᠨᠢᠭᠡᠪᠦᠷᠢ ᠶᠢ ᠬᠠᠯᠠᠭᠤᠨ ᠢᠶᠠᠷ ᠬᠦᠯᠢᠶᠡᠨ ᠠᠪᠴᠤ᠂ ᠲᠡᠳᠡᠨ ᠤ ᠴᠢᠰᠤᠨ ᠳᠠᠷᠤᠯᠲᠠ᠂ ᠴᠢᠰᠤᠨ ᠰᠢᠬᠢᠷ ᠵᠡᠷᠭᠡ ᠡᠮᠴᠢᠯᠡᠭᠡᠨ ᠤ ᠦᠢᠯᠡᠴᠢᠯᠡᠭᠡ ᠶᠢ ᠬᠡᠮᠵᠢᠬᠦ ᠶᠢᠨ ᠬᠠᠮᠲᠤ᠂ ᠡᠮᠨᠡᠯᠭᠡ ᠶᠢᠨ ᠠᠵᠢᠯᠲᠠᠳ ᠪᠠᠰᠠ ᠣᠷᠣᠯᠴᠠᠬᠤ ᠪᠠᠷ ᠢᠷᠡᠭᠰᠡᠨ ᠭᠠᠴᠠᠭ᠎ᠠ ᠲᠣᠰᠬᠤᠨ ᠤ ᠠᠷᠠᠳ ᠲᠤ ᠡᠷᠡᠭᠦᠯ ᠮᠡᠨᠳᠦ ᠶᠢᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠪᠠ᠃    ᠵᠢᠷᠤᠮ ᠤᠨ ᠡᠮᠴᠢᠯᠡᠭᠡ ᠡᠷᠡᠭᠦᠯ ᠮᠡᠨᠳᠦ ᠶᠢ ᠬᠦᠷᠭᠡᠵᠦ᠂ ᠬᠠᠶᠢᠷ᠎ᠠ ᠬᠠᠯᠠᠮᠵᠢ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ᠃ ︽ᠭᠤᠷᠪᠠ ᠶᠢ ᠬᠥᠳᠡᠭᠡ ᠪᠠᠭᠤᠯᠭᠠᠬᠤ︾ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠨᠢ ᠡᠷᠡᠭᠦᠯ ᠮᠡᠨᠳᠦ ᠪᠠ ᠠᠨᠠᠭᠠᠬᠤ ᠤᠬᠠᠭᠠᠨ ᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠶᠢ ᠴᠢᠩᠭᠠᠳᠬᠠᠭᠰᠠᠨ ᠤ ᠬᠠᠮᠲᠤ ᠡᠮᠴᠢᠯᠡᠭᠡᠨ ᠤ ᠦᠢᠯᠡᠴᠢᠯᠡᠭᠡ ᠶᠢᠨ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠶᠢ ᠦᠨᠡᠨ ᠬᠦ ᠪᠡᠶᠡᠯᠡᠭᠦᠯᠪᠡ᠃ ᠬᠤᠶᠢᠰᠢᠳᠠ ᠶᠢᠨ ᠠᠵᠢᠯ ᠤᠨ ᠳᠤᠮᠳᠠ᠂ ᠮᠠᠨ ᠤ ᠬᠤᠷᠢ᠊ ᠡᠶ᠎ᠡ ᠦᠷᠭᠦᠯᠵᠢᠯᠡᠨ ︽ᠪᠢ ᠣᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠡᠨᠡᠬᠦ ᠡᠭᠦᠰᠦᠯᠲᠡ ᠳᠤ ᠰᠠᠭᠤᠷᠢᠯᠠᠵᠤ᠂ ᠲᠤᠰ ᠬᠤᠷᠢᠶᠠᠨ ᠤ ᠣᠨᠴᠠᠯᠢᠭ ᠲᠠᠢ ᠪᠠᠨ ᠤᠶᠠᠯᠳᠤᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠷᠢᠰ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠯᠭᠡ ᠶᠢ ᠤᠯᠠᠮᠵᠢᠯᠠᠵᠤ᠂ ᠦᠨᠳᠦᠰᠦᠨ ᠱᠠᠲᠤᠨ ᠤ ᠣᠯᠠᠨ ᠲᠦᠮᠡᠨ ᠳᠤ ᠡᠷᠡᠭᠦᠯ ᠮᠡᠨᠳᠦ᠂ ᠦᠢᠯᠡᠴᠢᠯᠡᠭᠡ ᠬᠦᠷᠭᠡᠵᠦ᠂ ︽ᠭᠤᠷᠪᠠ ᠶᠢ ᠬᠥᠳᠡᠭᠡ ᠪᠠᠭᠤᠯᠭᠠᠬᠤ︾᠎ ᠳᠤ ᠬᠦᠴᠦᠨ ᠨᠡᠮᠡᠷᠢᠯᠡᠵᠦ᠂ ᠨᠡᠩ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠳᠤ ᠬᠦᠴᠦᠨ ᠨᠡᠮᠡᠷᠢᠯᠡᠨ᠎ᠡ᠃ ᠡᠭᠦᠨ ᠤ ᠬᠠᠮᠲᠤ᠂ ᠣᠯᠠᠨ ᠳᠤ ᠡᠮᠴᠢ ᠪᠠ ᠡᠪᠡᠳᠴᠢᠲᠡᠨ ᠤ ᠨᠡᠪᠲᠡᠷᠡᠯᠴᠡᠭᠡ ᠶᠢᠨ ᠰᠠᠶᠢᠨ ᠰᠠᠶᠢᠬᠠᠨ ᠲᠠᠪᠴᠠᠩ ᠪᠠ ᠡᠪᠡᠳᠴᠢᠨ ᠦᠵᠡᠭᠦᠯᠬᠦ ᠳᠤ ᠳᠥᠭᠦᠮ ᠲᠣᠬᠢᠶᠠᠯ ᠬᠠᠩᠭᠠᠵᠤ᠂ ᠬᠠᠷᠢᠶ᠎ᠠ ᠣᠷᠣᠨ ᠤ ᠥᠷᠭᠡᠨ ᠣᠯᠠᠨ ᠲᠦᠮᠡᠨ ᠳᠤ ᠡᠮ ᠡᠮᠨᠡᠯᠭᠡ ᠡᠷᠡᠭᠦᠯᠵᠢᠯ ᠤᠨ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号