ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ  ᠬᠤᠷᠢᠶ᠎ᠠ ︽ᠭᠠᠵᠢᠭᠤ ᠨᠣᠮᠯᠠᠯ ᠢ ᠰᠡᠷᠭᠡᠶᠢᠯᠡᠨ ᠡᠰᠡᠷᠭᠦᠴᠡᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/17
    ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠷᠠᠳ ᠣᠯᠠᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠢ ᠦᠷᠭᠦᠯᠵᠢᠯᠡᠨ ᠳᠡᠭᠡᠭᠰᠢᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠶᠢᠨ ᠲᠥᠯᠥᠭᠡ᠂ 4 ᠰᠠᠷ᠎ᠠ ᠶᠢᠨ 13᠎ ᠤ ᠡᠳᠦᠷ᠂ 15᠎ ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠲᠤᠰ ᠲᠤᠰ ᠬᠠᠤᠯᠢ ᠪᠠᠷ ᠵᠠᠰᠠᠬᠤ ᠰᠣᠶᠣᠯ ᠤᠨ ᠠᠭᠤᠳᠠᠮ ᠲᠠᠯᠠᠪᠠᠢ ᠪᠠ ᠲᠦᠰᠢᠶᠡᠲᠦ ᠲᠠᠯᠠᠪᠠᠢ ᠳᠤ ︽ᠭᠠᠵᠢᠭᠤ ᠨᠣᠮᠯᠠᠯ ᠢ ᠰᠡᠷᠭᠡᠶᠢᠯᠡᠨ ᠡᠰᠡᠷᠭᠦᠴᠡᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠬᠤᠭᠤᠴᠠᠭᠠᠨ ᠳᠤ᠂ ᠠᠵᠢᠯᠲᠠᠳ ᠲᠤᠬᠠᠢ ᠶᠢᠨ ᠲᠠᠯᠠᠪᠤᠷ ᠤᠨ ᠣᠯᠠᠨ ᠲᠦᠮᠡᠨ ᠳᠤ ᠤᠯᠤᠰ ᠤᠨ ᠠᠮᠤᠷ ᠲᠦᠪᠰᠢᠨ᠂ ᠭᠠᠵᠢᠭᠤ ᠨᠣᠮᠯᠠᠯ ᠢ ᠡᠰᠡᠷᠭᠦᠴᠡᠬᠦ ᠵᠡᠷᠭᠡ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ ᠪᠦᠬᠦᠢ ᠮᠡᠳᠡᠯᠭᠡ ᠶᠢ ᠤᠬᠠᠭᠤᠯᠤᠨ ᠲᠠᠶᠢᠯᠪᠤᠷᠢᠯᠠᠭᠰᠠᠨ ᠪᠥᠭᠡᠳ ᠯᠠᠪᠯᠠᠭ᠎ᠠ ᠳᠤ ᠬᠠᠷᠢᠭᠤᠯᠲᠠ ᠥᠭᠭᠦᠭᠰᠡᠨ ᠪᠠᠶᠢᠨ᠎ᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ︽ᠲᠠᠩᠨᠠᠭᠤᠯ ᠢ ᠡᠰᠡᠷᠭᠦᠴᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠲᠣᠭᠲᠠᠭᠠᠯ︾᠎ ᠢ ᠰᠤᠷᠤᠯᠴᠠᠨ ᠲᠤᠤᠱᠯᠠᠭᠤᠯᠬᠤ ᠤᠩᠰᠢᠬᠤ ᠪᠢᠴᠢᠭ᠂ ︽ᠰᠢᠨᠵᠢᠯᠡᠬᠦ ᠤᠬᠠᠭᠠᠨ ᠢ ᠡᠷᠬᠢᠮᠯᠡᠨ ᠭᠠᠵᠢᠭᠤ ᠨᠣᠮᠯᠠᠯ ᠠᠴᠠ ᠵᠠᠶᠢᠳᠠᠭᠤᠯᠬᠤ︾ ᠮᠡᠳᠡᠯᠭᠡ ᠶᠢᠨ ᠭᠠᠷ ᠳᠡᠪᠲᠡᠷ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 100 ᠭᠠᠷᠤᠢ ᠬᠤᠪᠢ ᠲᠠᠷᠬᠠᠭᠠᠵᠤ᠂ ᠴᠠᠭᠠᠰᠤᠨ ᠠᠯᠴᠢᠭᠤᠷ᠂ ᠤᠰᠤᠨ ᠴᠣᠮᠣ᠂ ᠳᠠᠷᠪᠠᠭᠤᠯᠲᠤ ᠪᠥᠰ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 100 ᠭᠠᠷᠤᠢ ᠲᠠᠷᠬᠠᠭᠠᠵᠤ᠂ ᠲᠤᠬᠠᠢ ᠶᠢᠨ ᠲᠠᠯᠠᠪᠠᠢ ᠳᠤ ᠨᠡᠶᠢᠲᠡ 100 ᠭᠠᠷᠤᠢ ᠣᠯᠠᠨ ᠲᠦᠮᠡᠨ ᠠᠵᠢᠯᠯᠠᠭ᠎ᠠ ᠳᠤ ᠣᠷᠣᠯᠴᠠᠵᠠᠢ᠃    ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠵᠢᠴᠢ ᠭᠠᠵᠢᠭᠤ ᠨᠣᠮᠯᠠᠯ ᠢ ᠢᠯᠭᠠᠨ ᠲᠠᠨᠢᠬᠤ ᠪᠠ ᠬᠤᠷᠢᠭᠯᠠᠬᠤ ᠤᠬᠠᠮᠰᠠᠷ ᠪᠠ ᠴᠢᠳᠠᠪᠤᠷᠢ ᠶᠢ ᠪᠦᠲᠦᠮᠵᠢᠲᠡᠢ ᠪᠠᠷ ᠳᠡᠭᠡᠭᠰᠢᠯᠡᠭᠦᠯᠪᠡ᠃ ᠵᠠᠷᠢᠮ ᠣᠯᠠᠨ ᠲᠦᠮᠡᠨ᠂ ᠰᠠᠶᠢᠨ ᠤᠬᠠᠭᠤᠯᠭ᠎ᠠ ᠶᠢᠨ ᠰᠠᠶᠢᠨ ᠳᠤᠷ᠎ᠠ ᠶᠢᠨ ᠠᠵᠢᠯᠯᠠᠭᠴᠢ ᠪᠣᠯᠵᠤ᠂ ᠠᠮᠤᠷ ᠠᠮᠤᠭᠤᠯᠠᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠬᠤᠪᠢ ᠨᠡᠮᠡᠷᠢ ᠪᠠᠨ ᠦᠵᠡᠭᠦᠯᠦᠨ᠎ᠡ ᠭᠡᠵᠡᠢ
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号