ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠡᠮᠡᠭᠲᠡᠶᠢᠴᠦᠳ | ᠬᠡᠦᠬᠡᠳ ᠤᠨ ᠡᠷᠬᠡ ᠠᠰᠢᠭ ᠤᠨ ᠬᠠᠤᠯᠢ ᠴᠠᠭᠠᠵᠠ ᠶᠢᠨ ᠪᠠᠲᠤᠯᠠᠭ᠎ᠠ ᠶᠢ ᠴᠢᠩᠭᠠᠳᠬᠠᠵᠤ᠂ ᠤᠷᠤᠭ ᠭᠡᠷ ᠪᠦᠯᠢ ᠶᠢᠨ | ᠵᠢᠭᠤᠷᠠᠯᠳᠤᠭᠠᠨ ᠤ ᠢᠷᠡᠯᠲᠡ ᠶᠢᠨ ᠵᠠᠰᠠᠯᠲᠠ ᠶᠢᠨ ᠠᠵᠢᠯ ᠢ ᠲᠦᠯᠬᠢᠨ ᠠᠬᠢᠭᠤᠯᠬᠤ ᠶᠢᠨ ᠲᠥᠯᠥᠭᠡ᠂ 4 ᠰᠠᠷ᠎ᠠ ᠶᠢᠨ | 16 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠰᠢᠭᠦᠬᠦ ᠬᠤᠷᠢ᠊ ᠡᠶ᠎ᠡ | ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠲᠠᠢ ᠬᠠᠮᠲᠤᠷᠠᠨ ︽ᠡᠮᠡᠭᠲᠡᠶᠢᠴᠦᠳ ᠬᠡᠦᠬᠡᠳ ᠤᠨ ᠡᠷᠬᠡ | ᠠᠰᠢᠭ ᠢ ᠬᠠᠮᠠᠭᠠᠯᠠᠬᠤ ᠲᠤᠰᠬᠠᠢ ᠰᠡᠳᠦᠪᠲᠦ ᠨᠡᠭᠡᠭᠡᠯᠲᠡ ᠶᠢᠨ ᠡᠳᠦᠷ︾ ᠤᠨ ᠠᠵᠢᠯᠯᠠᠭ᠎ᠠ ᠥᠷᠨᠢᠭᠦᠯᠵᠦ᠂ ᠨᠡᠶᠢᠭᠡᠮ | ᠲᠣᠭᠤᠷᠢᠭ ᠤᠨ ᠡᠮᠡᠭᠲᠡᠶᠢᠴᠦᠳ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠬᠤᠶᠠᠳᠤᠭᠠᠷ ᠪᠠᠭ᠎ᠠ ᠰᠤᠷᠭᠠᠭᠤᠯᠢ ᠶᠢᠨ | ᠰᠤᠷᠤᠭᠴᠢᠳ ᠢ ᠤᠷᠢᠵᠤ ᠰᠢᠭᠦᠬᠦ ᠬᠤᠷᠢ᠊ ᠡᠶ᠎ᠡ ᠳᠤ ᠣᠴᠢᠭᠤᠯᠤᠨ ᠰᠢᠷᠢᠰ ᠠᠵᠢᠯᠯᠠᠭ᠎ᠠ ᠥᠷᠨᠢᠭᠦᠯᠵᠦ᠂ ᠬᠠᠤᠯᠢ ᠪᠠᠷ | ᠵᠠᠰᠠᠬᠤ ᠬᠦᠴᠦᠨ ᠢᠶᠠᠷ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ | ᠰᠡᠳᠬᠢᠯ ᠠᠴᠠ ᠪᠠᠨ ᠬᠠᠮᠠᠭᠠᠯᠠᠪᠠ᠃ | ᠲᠠᠶᠢᠯᠪᠤᠷᠢᠯᠠᠭᠴᠢ ᠶᠢᠨ ᠲᠠᠶᠢᠯᠤᠮᠵᠢ ᠪᠠ ᠵᠢᠯᠣᠭᠤᠳᠣᠯᠭ᠎ᠠ ᠶᠢ ᠳᠠᠭᠠᠯᠳᠤᠨ᠂ ᠤᠷᠢᠭᠳᠠᠭᠰᠠᠨ ᠲᠥᠯᠥᠭᠡᠯᠡᠭᠴᠢᠳ | ᠰᠢᠭᠦᠬᠦ ᠬᠤᠷᠢᠶᠠᠨ ᠤ ᠵᠠᠷᠭᠤ ᠶᠢᠨ ᠦᠢᠯᠡᠴᠢᠯᠡᠭᠡᠨ ᠤ ᠶᠡᠭᠡ ᠲᠢᠩᠬᠢᠮ ᠢ ᠳᠡᠰ ᠳᠠᠷᠠᠭᠠᠯᠠᠨ ᠲᠣᠭᠤᠷᠢᠨ ᠦᠵᠡᠵᠦ᠂ | ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠵᠠᠷᠭᠤ ᠶᠢᠨ ᠦᠢᠯᠡᠴᠢᠯᠡᠭᠡᠨ ᠤ ᠲᠥᠪ ᠤᠨ ᠴᠣᠩᠬᠤᠨ ᠤ ᠡᠭᠦᠷᠭᠡ | ᠬᠠᠷᠢᠭᠤᠴᠠᠯᠭ᠎ᠠ ᠪᠠ ᠬᠡᠷᠡᠭ ᠪᠣᠯᠭᠠᠨ ᠳᠠᠩᠰᠠᠯᠠᠬᠤ ᠶᠠᠪᠤᠴᠠ ᠶᠢ ᠨᠠᠷᠢᠨ ᠨᠢᠮᠪᠠᠢ ᠲᠠᠶᠢᠯᠪᠤᠷᠢᠯᠠᠵᠤ᠂ ᠤᠶᠤᠨᠲᠤ | ᠲᠥᠬᠦᠭᠡᠷᠦᠮᠵᠢ ᠶᠢᠨ ᠦᠢᠯᠡᠳᠦᠯ ᠢ ᠲᠠᠨᠢᠯᠴᠠᠭᠤᠯᠵᠤ᠂ ᠳᠠᠷᠠᠭ᠎ᠠ ᠨᠢ ᠰᠢᠭᠦᠬᠦ ᠬᠤᠷᠢᠶᠠᠨ ᠤ ᠰᠢᠭᠦᠨ ᠲᠠᠰᠤᠯᠬᠤ | ᠲᠢᠩᠬᠢᠮ ᠤᠨ ᠡᠯ᠎ᠡ ᠵᠦᠢᠯ ᠤᠨ ᠲᠥᠬᠦᠭᠡᠷᠦᠮᠵᠢ ᠶᠢ ᠳᠡᠯᠭᠡᠵᠦ ᠲᠠᠯᠪᠢᠭᠰᠠᠨ ᠪᠠᠶᠢᠳᠠᠯ᠂ ᠰᠢᠭᠦᠨ ᠲᠠᠰᠤᠯᠬᠤ | ᠲᠢᠩᠬᠢᠮ ᠤᠨ ᠡᠯ᠎ᠡ ᠵᠦᠢᠯ ᠤᠨ ᠲᠥᠬᠦᠭᠡᠷᠦᠮᠵᠢ ᠶᠢ ᠳᠡᠯᠭᠡᠵᠦ ᠲᠠᠯᠪᠢᠭᠰᠠᠨ ᠪᠠᠶᠢᠳᠠᠯ ᠵᠢᠴᠢ ᠲᠢᠩᠬᠢᠮ ᠤᠨ | ᠰᠢᠭᠦᠯᠲᠡ ᠶᠢᠨ ᠵᠠᠩᠭᠢᠯᠠᠭ᠎ᠠ ᠶᠢᠨ ᠬᠠᠮᠢᠶ᠎ᠠ ᠪᠦᠬᠦᠢ ᠮᠡᠳᠡᠯᠭᠡ ᠶᠢᠨ ᠲᠤᠬᠠᠢ ᠲᠠᠶᠢᠯᠤᠮᠵᠢ ᠬᠢᠵᠦ᠂ ᠤᠷᠢᠭᠳᠠᠭᠰᠠᠨ | ᠲᠥᠯᠥᠭᠡᠯᠡᠭᠴᠢ ᠳᠤ ᠰᠢᠭᠦᠨ ᠲᠠᠰᠤᠯᠬᠤ ᠲᠢᠩᠬᠢᠮ ᠤᠨ ᠲᠥᠪ ᠴᠢᠩᠭ᠎ᠠ ᠪᠠ ᠰᠢᠭᠦᠬᠦ ᠬᠤᠷᠢᠶᠠᠨ ᠤ ᠬᠠᠤᠯᠢ | ᠪᠠᠷᠢᠬᠤ ᠳᠤ ᠲᠥᠪ ᠭᠤᠣᠯᠴᠢ ᠪᠠᠶᠢᠬᠤ ᠬᠥᠭᠡᠭᠡᠴᠡᠯᠳᠦᠯ ᠢ ᠦᠨᠡᠨ ᠬᠦ ᠮᠡᠳᠡᠷᠡᠭᠦᠯᠵᠦ᠂ ᠰᠢᠭᠦᠬᠦ ᠬᠤᠷᠢᠶᠠᠨ ᠤ ᠠᠭᠤᠷ | ᠠᠮᠢᠰᠬᠤᠯ ᠢ ᠪᠡᠶ᠎ᠡ ᠪᠠᠷ ᠢᠶᠠᠨ ᠣᠶᠢᠯᠠᠭᠠᠪᠠ᠃ | ᠳᠠᠷᠠᠭ᠎ᠠ ᠨᠢ ᠮᠠᠨ ᠤ ᠬᠤᠷᠢᠶᠠᠨ ᠤ ᠬᠤᠶᠠᠷ ᠰᠢᠭᠦᠭᠴᠢ ᠲᠤᠰ ᠲᠤᠰ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾᠂ ︽ᠬᠥᠮᠦᠨ ᠤ ᠪᠡᠶ᠎ᠡ ᠶᠢᠨ | ᠬᠠᠮᠠᠭᠠᠯᠠᠯᠲᠠ ᠶᠢᠨ ᠵᠠᠷᠯᠢᠭ︾᠂ ︽ᠡᠷ᠎ᠡ ᠡᠮ᠎ᠡ ᠶᠢᠨ ᠬᠠᠮᠲᠤ ᠶᠢᠨ ᠡᠳ᠋ ᠬᠥᠷᠥᠩᠭᠡ ᠶᠢ ᠮᠡᠳᠡᠭᠦᠯᠬᠦ ᠵᠠᠷᠯᠢᠭ︾᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠪᠠᠲᠤᠯᠠᠬᠤ | ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢᠨ ᠭᠤᠣᠯᠳᠠᠯᠭ᠎ᠠ ᠳᠤ ᠲᠠᠶᠢᠯᠤᠮᠵᠢ ᠬᠢᠵᠦ᠂ ᠲᠤᠬᠠᠢ ᠶᠢᠨ | ᠲᠠᠯᠠᠪᠤᠷ ᠲᠤ ᠪᠠᠰᠠ ᠮᠡᠳᠡᠯᠭᠡ ᠶᠢᠨ ᠠᠰᠠᠭᠤᠯᠲᠠ ᠬᠠᠷᠢᠭᠤᠯᠲᠠ ᠥᠷᠨᠢᠭᠦᠯᠵᠦ᠂ ᠬᠡᠦᠬᠡᠳ ᠤᠨ ᠢᠳᠡᠪᠬᠢᠵᠢᠯ ᠢ | ᠲᠦᠢᠯ ᠤᠨ ᠶᠡᠭᠡ ᠪᠠᠷ ᠳᠠᠶᠢᠴᠢᠯᠠᠭᠰᠠᠨ ᠪᠠᠶᠢᠨ᠎ᠠ᠃ ᠣᠯᠠᠨ ᠢᠶᠠᠷ ᠢᠶᠠᠨ ᠢᠳᠡᠪᠬᠢᠲᠡᠢ ᠪᠠᠷ ᠭᠠᠷ ᠡᠷᠭᠦᠵᠦ᠂ | ᠤᠬᠠᠭᠤᠯᠤᠨ ᠲᠠᠶᠢᠯᠪᠤᠷᠢᠯᠠᠬᠤ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠯ᠎ᠠ᠃ | ᠲᠤᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ | ᠮᠡᠨᠳᠦ ᠶᠢ ᠬᠠᠮᠠᠭᠠᠯᠠᠬᠤ ᠪᠠᠷ ᠪᠠᠷᠠᠬᠤ ᠦᠭᠡᠢ ᠪᠠᠰᠠ ᠲᠡᠳᠡᠨ ᠤ ᠬᠠᠤᠯᠢ ᠴᠠᠭᠠᠵᠠ ᠶᠢᠨ ᠤᠬᠠᠮᠰᠠᠷ ᠢ ᠤᠯᠠᠮ ᠨᠢᠭᠡ | ᠠᠯᠬᠤᠮ ᠴᠢᠩᠭᠠᠷᠠᠭᠤᠯᠬᠤ ᠶᠢᠨ ᠬᠠᠮᠲᠤ ᠡᠮᠡᠭᠲᠡᠶᠢᠴᠦᠳ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ | ᠴᠠᠭᠠᠵᠠ ᠶᠢᠨ ᠠᠷᠭ᠎ᠠ ᠵᠠᠮ ᠢᠶᠠᠷ ᠲᠤᠯᠭᠠᠷᠠᠭᠰᠠᠨ ᠬᠠᠤᠯᠢ ᠴᠠᠭᠠᠵᠠ ᠳᠤ ᠬᠤᠯᠪᠣᠭᠳᠠᠭᠰᠠᠨ ᠠᠰᠠᠭᠤᠳᠠᠯ ᠢ | ᠰᠢᠢᠳᠪᠦᠷᠢᠯᠡᠵᠦ᠂ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠪᠠᠲᠤᠯᠠᠭᠰᠠᠨ ᠪᠠᠶᠢᠨ᠎ᠠ᠃ | ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠮᠠᠨ ᠤ ᠬᠤᠷᠢᠶ᠎ᠠ ᠨᠡᠪᠲᠡᠷᠡᠯᠴᠡᠨ ᠬᠠᠮᠲᠤᠷᠠᠯᠴᠠᠬᠤ | ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠬᠦ᠂ ᠤᠷᠤᠭ ᠭᠡᠷ ᠪᠦᠯᠢ ᠶᠢᠨ ᠬᠦᠷᠢᠶᠡᠨ ᠳᠠᠬᠢ | ᠵᠢᠭᠤᠷᠠᠯᠳᠤᠭᠠᠨ ᠢ ᠰᠢᠢᠳᠪᠦᠷᠢᠯᠡᠬᠦ ᠣᠯᠠᠨ ᠠᠷᠭ᠎ᠠ ᠵᠠᠮ ᠢ ᠬᠠᠶᠢᠨ ᠰᠦᠪᠡᠭᠴᠢᠯᠡᠬᠦ᠂ ᠢᠯᠠᠩᠭᠤᠶ᠎ᠠ ᠤᠷᠤᠭ ᠭᠡᠷ | ᠪᠦᠯᠢ ᠶᠢᠨ ᠵᠢᠭᠤᠷᠠᠯᠳᠤᠭᠠᠨ ᠳᠠᠬᠢ ᠭᠡᠷ ᠪᠦᠯᠢ ᠶᠢᠨ ᠬᠥᠮᠦᠵᠢᠯ᠂ ᠠᠰᠠᠷᠠᠨ ᠲᠡᠵᠢᠭᠡᠬᠦ᠂ ᠡᠷᠭᠢᠵᠦ ᠦᠵᠡᠬᠦ ᠵᠡᠷᠭᠡ | ᠠᠰᠠᠭᠤᠳᠠᠯ ᠤᠨ ᠲᠤᠬᠠᠢ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠤᠷᠭᠠᠭᠤᠯᠢ᠂ ᠨᠡᠶᠢᠭᠡᠮ ᠲᠣᠭᠤᠷᠢᠭ ᠤᠨ | ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠭᠦᠢᠴᠡᠳ ᠰᠣᠨᠣᠰᠴᠤ᠂ ᠰᠢᠢᠳᠪᠦᠷᠢᠯᠡᠬᠦ ᠠᠷᠭ᠎ᠠ ᠵᠠᠮ ᠢ ᠬᠠᠶᠢᠨ | ᠰᠦᠪᠡᠭᠴᠢᠯᠡᠵᠦ᠂ ᠲᠤᠰ ᠤᠳᠠᠭᠠᠨ ᠤ ᠠᠵᠢᠯᠯᠠᠭ᠎ᠠ ᠳᠤ ᠦᠨᠡᠨ ᠪᠣᠳᠠᠲᠠᠢ ᠦᠷ᠎ᠡ ᠪᠦᠲᠦᠮᠵᠢ ᠣᠯᠤᠭᠰᠠᠨ ᠪᠠᠶᠢᠨ᠎ᠠ᠃ | ᠭᠡᠷ ᠤᠨ ᠶᠠᠪᠤᠳᠠᠯ᠂ ᠪᠠᠭᠠᠴᠤᠳ ᠤᠨ ᠰᠢᠭᠦᠨ ᠲᠠᠰᠤᠯᠤᠯᠲᠠ ᠵᠢᠴᠢ ᠡᠮᠡᠭᠲᠡᠶᠢᠴᠦᠳ ᠬᠡᠦᠬᠡᠳ ᠤᠨ ᠡᠷᠬᠡ | ᠠᠰᠢᠭ ᠢ ᠬᠠᠮᠠᠭᠠᠯᠠᠬᠤ ᠠᠵᠢᠯ ᠪᠣᠯ ᠨᠢᠭᠡᠨ ᠤᠷᠲᠤ ᠬᠤᠭᠤᠴᠠᠭᠠᠨ ᠤ᠂ ᠬᠠᠲᠠᠭᠤ ᠪᠡᠷᠬᠡ᠂ ᠰᠢᠰᠲ᠋ᠧᠮ ᠲᠠᠢ ᠡᠭᠦᠷᠭᠡ | ᠮᠥᠨ᠂ ᠪᠦᠬᠦ ᠨᠡᠶᠢᠭᠡᠮ ᠤᠨ ᠬᠦᠴᠦᠲᠡᠢ ᠳᠡᠮᠵᠢᠯᠭᠡ ᠪᠠ ᠬᠠᠮᠲᠤ ᠪᠠᠷ ᠣᠷᠣᠯᠴᠠᠬᠤ ᠴᠢᠬᠤᠯᠠᠲᠠᠢ ᠶᠤᠮ᠃ | ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠰᠢᠭᠦᠬᠦ ᠬᠤᠷᠢ᠊ | ᠡᠶ᠎ᠡ ᠬᠠᠮᠢᠶ᠎ᠠ ᠪᠦᠬᠦᠢ ᠨᠢᠭᠡᠴᠡ ᠯᠦᠭᠡ ᠶᠢᠨ ᠨᠡᠪᠲᠡᠷᠡᠯᠴᠡᠭᠡ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ︽ | ᠰᠢᠭᠦᠬᠦ ᠬᠤᠷᠢ᠊ ᠡᠶ᠎ᠡ︾ ᠶᠢᠨ ᠰᠢᠨ᠎ᠡ ᠬᠡᠯᠪᠡᠷᠢ ᠶᠢᠨ ᠵᠠᠭᠪᠤᠷ ᠢ ᠦᠷᠭᠦᠯᠵᠢᠯᠡᠨ ᠰᠦᠪᠡᠭᠴᠢᠯᠡᠵᠦ᠂ ᠭᠡᠷ ᠤᠨ ᠶᠠᠪᠤᠳᠠᠯ᠂ | ᠪᠠᠭᠠᠴᠤᠳ ᠤᠨ ᠬᠡᠷᠡᠭ ᠢ ᠰᠢᠭᠦᠨ ᠲᠠᠰᠤᠯᠬᠤ ᠠᠷᠭ᠎ᠠ ᠪᠠ ᠠᠷᠭ᠎ᠠ ᠵᠠᠮ ᠢ ᠥᠷᠭᠡᠳᠬᠡᠨ᠂ ᠡᠮᠡᠭᠲᠡᠶᠢᠴᠦᠳ | ᠬᠡᠦᠬᠡᠳ ᠤᠨ ᠡᠷᠡᠭᠦᠯ ᠢᠶᠠᠷ ᠬᠥᠭᠵᠢᠬᠦ ᠳᠤ ᠬᠦᠴᠦᠲᠡᠢ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠨ᠎ᠠ᠃ |