ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭᠠᠨ ᠤ ᠶᠡᠭᠡ ᠠᠩᠭᠢ ᠮᠠᠯᠵᠢᠬᠤ ᠣᠷᠣᠨ ᠳᠤ ᠭᠦᠨᠵᠡᠭᠡᠶᠢᠷᠡᠨ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/17
   ᠥᠷᠭᠡᠨ ᠣᠯᠠᠨ ᠠᠷᠠᠳ ᠲᠦᠮᠡᠨ ᠳᠤ ᠰᠦᠷᠳᠡᠭᠦᠯᠦᠯ ᠢ ᠡᠰᠡᠷᠭᠦᠴᠡᠬᠦ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠠᠷᠠᠳ ᠢᠷᠭᠡᠳ ᠤᠨ ᠰᠦᠷᠳᠡᠭᠦᠯᠦᠯ ᠢ ᠡᠰᠡᠷᠭᠦᠴᠡᠬᠦ ᠤᠬᠠᠮᠰᠠᠷ ᠢ ᠦᠨᠡᠨ ᠬᠦ ᠴᠢᠩᠭᠠᠳᠬᠠᠬᠤ ᠶᠢᠨ ᠲᠥᠯᠥᠭᠡ ᠶᠤᠮ᠃ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭᠠᠨ ᠤ ᠶᠡᠭᠡ ᠠᠩᠭᠢ ᠣᠯᠠᠨ ᠵᠦᠢᠯ ᠤᠨ ᠠᠷᠭ᠎ᠠ ᠬᠡᠯᠪᠡᠷᠢ ᠪᠠᠷ ᠮᠠᠯᠵᠢᠬᠤ ᠣᠷᠣᠨ ᠳᠤ ᠭᠦᠨᠵᠡᠭᠡᠶᠢᠷᠡᠨ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠤᠬᠠᠭᠤᠯᠤᠭᠴᠢ ᠮᠠᠯᠵᠢᠬᠤ ᠣᠷᠣᠨ ᠳᠤ ᠢᠷᠡᠵᠦ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠰᠦᠷᠳᠡᠭᠦᠯᠦᠯ ᠢ ᠡᠰᠡᠷᠭᠦᠴᠡᠬᠦ ᠮᠡᠳᠡᠯᠭᠡ ᠵᠢᠴᠢ ᠠᠶᠤᠯ ᠠᠴᠠ ᠪᠠᠴᠢᠮ ᠵᠠᠶᠢᠯᠠᠬᠤ ᠠᠷᠭ᠎ᠠ ᠬᠡᠮᠵᠢᠶ᠎ᠡ ᠶᠢ ᠮᠣᠩᠭᠤᠯ᠂ ᠬᠢᠲᠠᠳ ᠬᠤᠣᠰ ᠬᠡᠯᠡ ᠪᠠᠷ ᠲᠠᠶᠢᠯᠪᠤᠷᠢᠯᠠᠵᠤ᠂ ᠣᠯᠠᠨ ᠲᠦᠮᠡᠨ ᠤ ᠰᠦᠷᠳᠡᠭᠦᠯᠦᠯ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠣᠯᠠᠨ ᠢ ᠳᠠᠶᠢᠴᠢᠯᠠᠨ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠠᠭ ᠲᠤᠬᠠᠢ ᠳᠤᠨᠢ ᠢᠯᠡᠴᠢᠯᠡᠨ ᠮᠡᠳᠡᠭᠦᠯᠵᠡᠢ     ᠲᠤᠰ ᠤᠳᠠᠭᠠᠨ ᠤ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 270 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 80 ᠭᠠᠷᠤᠢ ᠬᠥᠮᠦᠨ ᠤᠳᠠᠭ᠎ᠠ ᠠᠰᠠᠭᠤᠨ ᠯᠠᠪᠯᠠᠬᠤ ᠦᠢᠯᠡᠴᠢᠯᠡᠭᠡ ᠬᠠᠩᠭᠠᠵᠤ᠂ ᠪᠦᠬᠦ ᠠᠷᠠᠳ ᠤᠨ ᠰᠦᠷᠳᠡᠭᠦᠯᠦᠯ ᠢ ᠡᠰᠡᠷᠭᠦᠴᠡᠬᠦ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠵᠤ᠂ ᠰᠠᠶᠢᠨ ᠰᠠᠶᠢᠬᠠᠨ ᠨᠡᠶᠢᠭᠡᠮ ᠤᠨ ᠦᠷ᠎ᠡ ᠪᠦᠲᠦᠮᠵᠢ ᠶᠢ ᠣᠯᠤᠭᠰᠠᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号