ᠬᠡᠳᠡᠰᠦ ᠴᠢᠳᠬᠤᠬᠤ ᠤᠯᠠᠮᠵᠢᠯᠠᠯᠳᠦ ᠠᠷᠭ᠎ᠠ
ᠨᠡᠶᠢᠲᠡᠯᠡᠭᠰᠡᠨ ᠴᠠᠭ᠄
2024/4/17
   ᠭᠦᠷᠢᠶ᠎ᠡ ᠬᠤᠰᠢᠭᠤ ᠬᠡᠭᠴᠢ ᠲᠦᠷᠪᠡᠨ ᠵᠠᠭᠤ ᠰᠢᠬᠠᠮ ᠵᠢᠯ ᠤᠨ ᠲᠡᠤᠬᠡ ᠲᠠᠢ᠂ ᠮᠤᠩᠭᠤᠯ᠂ ᠬᠢᠳᠡᠳ᠂ ᠮᠠᠨᠵᠦ ᠵᠡᠷᠬᠡ 13 ᠦᠨᠳᠦᠰᠦᠳᠡᠨ ᠴᠤᠭᠯᠠᠷᠠᠨ ᠰᠠᠭᠤᠭᠰᠠᠨ ᠬᠤᠰᠢᠭᠤ ᠪᠤᠯᠬᠤ ᠪᠠᠷ ᠦᠯᠦ ᠪᠠᠷᠠᠨ᠂ ᠯᠠᠮᠠ ᠶᠢᠨ ᠬᠤᠰᠢᠭᠤ ᠪᠠᠶᠢᠭᠤᠯᠤᠭᠳᠠᠬᠤ ᠦᠶ᠎ᠡ ᠳᠡᠭᠡᠨ ᠮᠠᠰᠢ ᠤᠯᠠᠨ ᠬᠠᠷᠢᠶᠠᠳᠦ ᠠᠷᠠᠳ ᠪᠠᠶᠢᠵᠦ ᠲᠠᠳᠠ ᠨᠠᠷ ᠨᠢ ᠪᠦᠷ ᠦᠪᠡᠷ ᠦᠪᠡᠷ ᠤᠨ ᠦᠪᠡᠷᠮᠢᠴᠡ ᠰᠤᠶᠤᠯ ᠢᠶᠠᠨ ᠠᠪᠴᠦ ᠢᠷᠡᠭᠰᠡᠨ ᠠᠴᠠ ᠭᠦᠷᠢᠶ᠎ᠡ ᠳᠤ ᠤᠯᠠᠨ ᠵᠦᠢᠯ ᠤᠨ ᠰᠤᠶᠤᠯ ᠤᠯᠠᠮᠵᠢᠯᠠᠭᠳᠠᠵᠦ ᠢᠷᠡᠭᠰᠡᠨ ᠪᠢᠯᠡ᠃ ᠡᠳᠡᠭᠡᠷ ᠤᠨ ᠲᠤᠳᠤᠷ᠎ᠠ ᠰᠠᠭᠠᠭ ᠤᠨ ᠭᠤᠯᠢᠷ ᠢᠶᠠᠷ ᠬᠡᠳᠡᠰᠦ ᠴᠢᠳᠬᠤᠵᠦ ᠢᠳᠡᠭᠦ ᠨᠢ ᠪᠤᠰᠤ ᠭᠠᠵᠠᠷ ᠤᠷᠤᠨ ᠠᠴᠠ ᠦᠰᠦᠳ ᠦᠬᠡᠷ᠎ᠡ ᠤᠨᠴᠠᠯᠢᠭ ᠲᠠᠢ ᠪᠠᠶᠢᠭ᠎ᠠ ᠲᠤᠯᠠ ᠭᠦᠷᠢᠶ᠎ᠡ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠲᠦᠪ ᠤᠨ ᠬᠢᠨ ᠬᠤᠰᠢᠭᠤᠨ ᠲᠠᠰ ᠤᠨ ᠪᠤᠳᠠᠰ ᠤᠨ ᠪᠤᠰᠤ ᠰᠤᠶᠤᠯ ᠤᠨ ᠦᠪ ᠪᠤᠯᠭᠠᠨ ᠲᠡᠮᠳᠡᠭᠯᠡᠵᠦ ᠲᠠᠯᠪᠢᠵᠠᠢ᠃ ᠭᠦᠷᠢᠶᠡᠴᠤᠳ ᠵᠢᠯ ᠪᠦᠷᠢ ᠡᠪᠤᠯ ᠤᠨ ᠲᠦᠢᠯ ᠪᠤᠯᠵᠦ᠂ ᠢᠳᠡᠰᠢ ᠭᠠᠷᠭᠠᠬᠤ ᠴᠠᠭ ᠪᠤᠯᠪᠠᠯ ᠭᠠᠭ᠋ᠠᠢ ᠬᠤᠨᠢ ᠨᠢᠳᠦᠯᠵᠦ᠂ ᠮᠢᠬ᠎ᠠ ᠭᠠᠷᠭᠠᠳᠠᠭ᠃ ᠲᠡᠷᠡ ᠦᠶ᠎ᠡ ᠳᠤ ᠬᠡᠳᠡᠰᠦ ᠴᠢᠳᠬᠤᠬᠤ  ᠨᠢ ᠲᠤᠳᠠᠵᠦ ᠪᠤᠯᠤᠰᠢ ᠦᠬᠡᠢ ᠵᠦᠢᠯ᠂ ᠠᠶᠢᠯ ᠪᠤᠯᠭᠠᠨ ᠡᠳᠡᠬᠡᠳ ᠦᠨᠦᠷ ᠠᠮᠳᠠ ᠲᠠᠢ ᠴᠢᠳᠬᠤᠳᠠᠭ ᠪᠢᠯᠡ᠃ ᠭᠦᠷᠢᠶ᠎ᠡ ᠬᠤᠰᠢᠭᠤᠨ ᠤ ᠨᠠᠰᠤᠳᠠᠢ ᠵᠠᠯᠠᠭᠤ ᠬᠡᠰᠡᠨ ᠦᠬᠡᠢ ᠴᠦᠮ ᠡᠨᠡ ᠠᠵᠢᠯ ᠳᠤ ᠴᠠᠭᠠᠷᠠᠵᠦ᠂ ᠰᠠᠭᠠᠭ ᠤᠨ ᠭᠤᠯᠢᠷ ᠢᠶᠠᠷ ᠰᠠᠶᠢᠬᠠᠨ ᠴᠢᠳᠬᠤᠵᠦ ᠬᠢᠳᠡᠭ᠃ ᠭᠤᠯᠢᠷ ᠴᠢᠰᠦ ᠪᠠᠨ ᠰᠠᠶᠢᠬᠠᠨ ᠨᠠᠶᠢᠷᠠᠭᠤᠯᠵᠦ᠂ ᠲᠡᠬᠡᠷ᠎ᠡ ᠨᠢ ᠰᠤᠩᠬᠢᠨ᠎ᠡ᠂ ᠰᠠᠷᠢᠮᠰᠠᠭ᠂ ᠲᠠᠪᠤᠰᠤ᠂ ᠲᠤᠰᠤ ᠵᠡᠷᠬᠡ ᠤᠯᠠᠨ ᠵᠦᠢᠯ ᠢ ᠬᠢᠵᠦ ᠨᠠᠶᠢᠷᠠᠭᠤᠯᠤᠨ᠂ ᠬᠡᠳᠡᠰᠦ ᠪᠠᠨ ᠴᠢᠳᠬᠤᠳᠠᠭ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号