ᠠᠨᠳᠠᠶ ᠤᠷᠠᠯᠢᠭ ᠤᠨ ᠮᠦᠽᠧᠶ
ᠨᠡᠶᠢᠲᠡᠯᠡᠭᠰᠡᠨ ᠴᠠᠭ᠄
2024/4/17
   ᠬᠦᠷᠢᠶ᠎ᠡ ᠬᠤᠰᠢᠭᠤᠨ ᠤ ᠠᠨᠳᠠᠶ ᠮᠦᠽᠧᠶ ᠪᠣᠯ ᠪᠦᠬᠦ ᠤᠯᠤᠰ ᠤᠨ ᠴᠤᠷ ᠤᠨ ᠭᠠᠭᠴᠠ ᠠᠨᠳᠠᠶ ᠤᠷᠠᠯᠢᠭ ᠢᠶᠠᠷ ᠭᠤᠤᠯ ᠰᠡᠳᠦᠪ ᠪᠣᠯᠭᠠᠭᠰᠠᠨ ᠶᠡᠷᠦᠩᠬᠡᠶᠢᠯᠡᠭᠰᠡᠨ ᠴᠢᠨᠠᠷᠲᠠᠶ ᠮᠦᠽᠧᠶ ᠪᠠᠶᠢᠵᠦ᠂ ᠤᠳᠤ ᠮᠦᠽᠧᠶ ᠳᠤ ᠬᠠᠳᠠᠭᠠᠯᠠᠵᠤ ᠪᠠᠶᠢᠭ᠎ᠠ ᠲᠡᠤᠬᠡ ᠶᠢᠨ ᠳᠤᠷᠠᠰᠬᠠᠯᠲᠤ ᠵᠦᠢᠯ 2000 ᠭᠠᠷᠤᠶ ᠪᠠᠶᠢᠵᠤ᠂ 300 ᠭᠠᠷᠤᠶ ᠲᠡᠤᠬᠡ ᠶᠢᠨ ᠳᠤᠷᠠᠰᠬᠠᠯᠲᠤ ᠵᠦᠢᠯ ᠢ ᠳᠡᠯᠭᠡᠨ ᠦᠵᠡᠭᠦᠯᠵᠦ ᠪᠠᠶᠢᠨ᠎ᠠ᠃ ᠲᠤᠰ ᠣᠷᠳᠣᠨ ᠳᠤ ᠨᠡᠶᠢᠲᠡ ᠵᠢᠷᠭᠤᠭᠠᠨ ᠳᠡᠯᠭᠡᠨ ᠦᠵᠡᠭᠦᠯᠬᠦ ᠲᠢᠩᠬᠢᠮ ᠪᠠᠶᠢᠭᠤᠯᠵᠤ᠂ ᠶᠡᠭᠡ ᠬᠡᠮᠵᠢᠶᠡᠨ ᠤ ᠲᠡᠤᠬᠡᠨ ᠪᠣᠳᠠᠲᠤ ᠬᠡᠷᠡᠭ ᠢ ᠠᠭᠤᠳᠠᠯᠤᠭᠰᠠᠨ ᠪᠠ ᠰᠤᠷᠪᠤᠯᠵᠢ ᠪᠢᠴᠢᠭ ᠮᠠᠲ᠋ᠧᠷᠢᠶᠠᠯ ᠢ ᠪᠠᠶᠢᠴᠠᠭᠠᠨ ᠦᠵᠡᠭᠰᠡᠨ ᠰᠠᠭᠤᠷᠢᠨ ᠳᠡᠭᠡᠷ᠎ᠡ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠦᠵᠡᠭᠦᠯᠬᠡ᠂ ᠪᠠᠭᠤᠷᠢ ᠶᠢᠨ ᠦᠵᠡᠭᠦᠯᠬᠡ᠂ ᠲᠣᠮᠣ ᠬᠡᠯᠪᠡᠷᠢ ᠶᠢᠨ ᠬᠠᠨᠠᠨ ᠵᠢᠷᠤᠭ ᠵᠡᠷᠭᠡ ᠣᠯᠠᠨ ᠬᠡᠯᠪᠡᠷᠢ ᠪᠠᠷ ᠳᠠᠮᠵᠢᠭᠤᠯᠤᠨ ᠣᠯᠠᠨ ᠲᠠᠯ᠎ᠠ᠂ ᠣᠯᠠᠨ ᠬᠠᠷᠠᠭᠠᠰᠤ ᠪᠠᠷ ᠠᠨᠳᠠᠶ ᠤᠷᠠᠯᠢᠭ ᠤᠨ ᠷᠢᠳᠢ ᠰᠢᠳᠢ ᠪᠣᠯᠤᠨ ᠬᠦᠷᠢᠶ᠎ᠡ ᠬᠤᠰᠢᠭᠤᠨ ᠤ ᠤᠯᠠᠮᠵᠢᠯᠠᠯᠳᠦ ᠰᠣᠶᠣᠯ ᠤᠨ ︽ᠲᠡᠭᠷᠢ ᠭᠦᠮᠦᠨ ᠨᠢᠬᠡᠳᠴᠦ᠂ ᠡᠶ᠎ᠡ ᠵᠤᠬᠢᠴᠠᠯ ᠲᠠᠢ ᠪᠠᠷ ᠬᠠᠮᠳᠦ ᠤᠷᠤᠰᠢᠬᠤ︾ ᠤᠬᠠᠭᠳᠠᠭᠤᠨ ᠪᠠ ᠴᠢᠮᠤᠬᠡ ᠶᠢ ᠢᠯᠡᠷᠡᠭᠦᠯᠦᠭᠰᠡᠨ ᠮᠠᠨ ᠤ ᠬᠤᠰᠢᠭᠤᠨ ᠤ ᠲᠡᠤᠬᠡ ᠰᠣᠶᠣᠯ ᠢ ᠣᠶᠢᠯᠠᠭᠠᠬᠤ ᠨᠡᠪᠲᠡᠷᠬᠡᠶ ᠲᠣᠯᠢ ᠪᠢᠴᠢᠭ ᠮᠥᠨ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号