ᠰᠢ ᠶᠢᠨ ᠫᠢᠩ ᠭᠧᠷᠮᠠᠨ ᠤ ᠶᠡᠷᠦᠩᠬᠡᠢ ᠰᠠᠶᠢᠳ ᠱᠦᠸᠧᠷᠼᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/17
   4 ᠰᠠᠷ᠎ᠠ ᠶᠢᠨ 16 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠤᠤ ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠳᠤ ᠭᠧᠷᠮᠠᠨ ᠤ ᠶᠡᠷᠦᠩᠬᠡᠢ ᠰᠠᠶᠢᠳ ᠱᠦᠤᠤᠷᠼᠢ ᠲᠠᠢ ᠠᠭᠤᠯᠵᠠᠪᠠ᠃
699.png
     ᠰᠢ ᠶᠢᠨ ᠫᠢᠩ᠂ ᠡᠨᠡ ᠵᠢᠯ ᠪᠣᠯ ᠳᠤᠮᠳᠠᠳᠤ ᠭᠧᠷᠮᠠᠨ ᠤ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 10 ᠵᠢᠯ ᠤᠨ ᠤᠢ ᠪᠣᠯᠤᠨ᠎ᠠ᠃ 10 ᠵᠢᠯ ᠤᠨ ᠲᠤᠷᠰᠢ ᠬᠡᠳᠦ᠋ᠪᠡᠷ ᠳᠡᠯᠡᠬᠡᠢ ᠶᠢᠨ ᠪᠠᠶᠢᠳᠠᠯ ᠳᠤ ᠮᠠᠰᠢ ᠶᠡᠭᠡ ᠬᠤᠪᠢᠷᠠᠯᠲᠠ ᠭᠠᠷᠤᠭᠰᠠᠨ ᠪᠣᠯᠪᠠᠴᠤ ᠳᠤᠮᠳᠠᠳᠤ ᠭᠦ᠋ᠷᠮᠠᠨ ᠤ ᠬᠠᠷᠢᠯᠴᠠᠭ᠎ᠠ ᠢᠮᠠᠭᠲᠠ ᠲᠣᠭᠲᠠᠪᠤᠷᠢᠳᠠᠢ ᠬᠥᠭᠵᠢᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠲᠠᠰᠤᠷᠠᠯᠳᠡ ᠦᠭᠡᠢ ᠪᠠᠬᠢᠵᠢᠨ ᠭᠦᠨᠵᠡᠭᠡᠶᠢᠷᠡᠵᠦ᠂ ᠬᠤᠶᠠᠷ ᠤᠯᠤᠰ ᠤᠨ ᠲᠤᠰ ᠲᠤᠰ ᠤᠨ ᠬᠥᠭᠵᠢᠯᠲᠡ ᠳᠤ ᠬᠥᠳᠡᠯᠭᠡᠬᠦ ᠬᠦᠴᠦᠨ ᠬᠠᠩᠭᠠᠪᠠ᠃ ᠣᠳᠣᠬᠠᠨ ᠳᠤ ᠳᠡᠯᠡᠬᠡᠢ ᠵᠢᠷᠳᠢᠨᠴᠤ ᠶᠢᠨ ᠵᠠᠭᠤᠨ ᠵᠢᠯ ᠳᠤ ᠳᠤᠬᠢᠶᠠᠯᠳᠤᠭ᠎ᠠ ᠦᠭᠡᠢ ᠶᠡᠭᠡ ᠬᠤᠪᠢᠰᠤᠯᠳᠠ ᠲᠦᠷᠭᠡᠨ ᠠᠬᠢᠵᠤ᠂ ᠬᠥᠮᠦᠨ ᠲᠥᠷᠥᠯᠬᠢᠲᠡᠨ ᠤ ᠨᠡᠶᠢᠭᠡᠮ ᠳᠤ ᠲᠤᠯᠭᠠᠷᠠᠵᠤ ᠪᠠᠶᠢᠭ᠎ᠠ ᠠᠶᠤᠯ ᠲᠦᠭᠰᠢᠭᠦᠷᠢ ᠥᠷᠢᠰᠥᠯᠳᠦᠭᠡᠨ ᠣᠯᠠᠰᠢᠷᠠᠵᠤ ᠪᠠᠶᠢᠨ᠎ᠠ᠂ ᠡᠳᠡᠭᠡᠷ ᠠᠰᠠᠭᠤᠳᠠᠯ ᠢ ᠰᠢᠢᠳᠪᠦᠷᠢᠯᠡᠬᠦ ᠳᠤ ᠲᠤᠮᠤ ᠤᠯᠤᠰ ᠤᠨ ᠬᠠᠮᠲᠤᠷᠠᠯᠴᠠᠭ᠎ᠠ ᠠᠴᠠ ᠰᠠᠯᠵᠤ ᠴᠢᠳᠠᠬᠤ ᠦᠭᠡᠢ ᠶᠤᠮ᠃ ᠳᠤᠮᠳᠠᠳᠤ ᠭᠦ᠋ᠷᠮᠠᠨ ᠪᠣᠯ ᠳᠡᠯᠡᠬᠡᠢ ᠶᠢᠨ ᠬᠤᠶᠠᠳᠤᠭᠠᠷ᠂ ᠭᠤᠷᠪᠠᠳᠤᠭᠠᠷ ᠶᠡᠭᠡ ᠠᠵᠤ ᠠᠬᠤᠢ ᠶᠢᠨ ᠴᠣᠭᠴᠠ ᠪᠣᠯᠤᠨ᠎ᠠ᠂ ᠳᠤᠮᠳᠠᠳᠤ ᠭᠦ᠋ᠷᠮᠠᠨ ᠤ ᠬᠠᠷᠢᠯᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠶᠢᠨ ᠠᠴᠢ ᠬᠤᠯᠪᠣᠭᠳᠠᠯ ᠨᠢ ᠬᠤᠶᠠᠷ ᠲᠠᠯ᠎ᠠ ᠶᠢᠨ ᠬᠠᠷᠢᠯᠴᠠᠭᠠᠨ ᠤ ᠬᠦᠷᠢᠶ᠎ᠠ ᠬᠡᠪᠴᠢᠶᠡᠨ ᠠᠴᠠ ᠳᠠᠪᠠᠵᠤ᠂ ᠠᠽᠢᠶ᠎ᠠ ᠧᠦ᠋ᠷᠣᠫᠠ ᠶᠢᠨ ᠡᠬᠡ ᠬᠠᠭᠤᠷᠠᠢ ᠴᠢᠨᠠᠭᠰᠢᠯᠠᠪᠠᠯ ᠪᠦᠬᠦ ᠳᠡᠯᠡᠬᠡᠢ ᠳᠤ ᠴᠥᠮ ᠴᠢᠬᠤᠯᠠ ᠨᠥᠯᠥᠭᠡ ᠲᠠᠢ ᠶᠤᠮ᠃ ᠬᠤᠶᠠᠷ ᠤᠯᠤᠰ ᠢᠶᠠᠷ ᠢᠶᠠᠨ ᠠᠯᠤᠰ ᠬᠡᠳᠦ ᠶᠢᠨ ᠪᠠ ᠪᠠᠶᠢᠯᠳᠤᠬᠤ ᠪᠤᠳᠤᠯᠭ᠎ᠠ ᠶᠢᠨ ᠬᠠᠷᠠᠭᠠᠰᠤ ᠠᠴᠠ ᠬᠤᠶᠠᠷ ᠲᠠᠯ᠎ᠠ ᠶᠢᠨ ᠬᠠᠷᠢᠯᠴᠠᠭ᠎ᠠ ᠳᠤ ᠬᠠᠨᠳᠤᠬᠤ ᠪᠠ ᠡᠭᠦᠨ ᠢ ᠬᠥᠭᠵᠢᠭᠦᠯᠵᠦ᠂ ᠭᠠᠷ ᠬᠤᠯᠪᠣᠨ ᠳᠡᠯᠡᠬᠡᠢ ᠳ᠋ᠠᠬᠢᠨ ᠳᠤ ᠨᠡᠩ ᠤᠯᠠᠨ ᠲᠣᠭᠲᠠᠭᠤᠨ ᠴᠢᠨᠠᠷ ᠪᠠ ᠲᠣᠭᠳᠠᠭᠠᠯᠳᠤ ᠴᠢᠨᠠᠷ ᠨᠡᠮᠡᠷᠢᠯᠡᠶ᠎ᠠ ᠭᠡᠵᠤ ᠵᠢᠭᠠᠵᠤ ᠭᠠᠷᠭᠠᠪᠠ᠃   ᠰᠢ ᠶᠢᠨ ᠫᠢᠩ᠂ ᠳᠤᠮᠳᠠᠳᠤ ᠭᠦ᠋ᠷᠮᠠᠨ ᠬᠤᠶᠠᠷ ᠤᠯᠤᠰ ᠴᠥᠮ ᠬᠥᠮᠦᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠵᠦ ᠥᠩᠭᠡᠷᠡᠭᠰᠡᠨ ᠶᠤᠮ᠃ ᠳᠤᠮᠳᠠᠳᠤ ᠭᠦ᠋ᠷᠮᠠᠨ ᠤ ᠬᠤᠭᠤᠷᠣᠨᠳᠣ ᠦᠨᠳᠦᠰᠦᠨ ᠠᠰᠢᠭ ᠲᠤᠰᠠ ᠶᠢᠨ ᠮᠥᠷᠭᠦᠯᠳᠦᠭᠡᠨ ᠪᠠᠶᠢᠬᠤ ᠦᠭᠡᠢ᠂ ᠬᠠᠷᠢᠯᠴᠠᠨ ᠠᠮᠤᠷ ᠲᠦᠪᠰᠢᠨ ᠤ ᠰᠦᠷᠳᠡᠭᠦᠯᠦᠯ ᠪᠣᠯᠬᠤ ᠦᠭᠡᠢ ᠶᠤᠮ᠃ ᠳᠤᠮᠳᠠᠳᠤ ᠭᠦ᠋ᠷᠮᠠᠨ ᠤ ᠬᠠᠮᠲᠤᠷᠠᠯᠴᠠᠭ᠎ᠠ ᠬᠤᠶᠠᠷ ᠲᠠᠯ᠎ᠠ ᠳᠤ ᠠᠰᠢᠭᠲᠠᠢ᠂ ᠳᠡᠯᠡᠬᠡᠢ ᠳᠤ ᠠᠰᠢᠭᠲᠠᠢ ᠶᠤᠮ᠃ ᠳᠡᠯᠡᠬᠡᠢ ᠵᠢᠷᠲᠢᠨᠴᠦ ᠬᠡᠳᠦᠢ ᠣᠷᠤᠭ᠎ᠠ ᠪᠤᠰᠬᠠᠭ᠎ᠠ ᠪᠣᠯᠬᠤ ᠳᠤᠳᠤᠮ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠬᠠᠷᠢᠯᠴᠠᠭᠠᠨ ᠤ ᠤᠶᠠᠨ ᠬᠠᠳᠠᠨ ᠴᠢᠨᠠᠷ ᠪᠣᠯᠤᠨ ᠠᠮᠢᠵᠢᠷᠠᠯ ᠤᠨ ᠬᠦᠴᠦᠨ ᠢᠶᠠᠨ ᠲᠡᠳᠦᠢ ᠳᠡᠭᠡᠭᠰᠢᠯᠡᠭᠦᠯᠵᠦ᠂ ᠳᠤᠮᠳᠠᠳᠤ ᠭᠦ᠋ᠷᠮᠠᠨ ᠤ ᠬᠠᠷᠢᠯᠴᠠᠭ᠎ᠠ ᠶᠢᠨ ᠬᠠᠮᠲᠤᠷᠠᠯᠴᠠᠭᠠᠨ ᠤ ᠭᠤᠣᠯ ᠬᠦᠭ ᠠᠶᠠᠰ ᠪᠣᠯᠤᠨ ᠬᠥᠭᠵᠢᠯᠲᠡ ᠶᠢᠨ ᠶᠡᠭᠡ ᠴᠢᠭᠯᠡᠯ ᠢ ᠪᠠᠷᠢᠮᠲᠠᠯᠠᠵᠤ᠂ ᠳᠤᠮᠳᠠᠳᠤ ᠭᠦ᠋ᠷᠮᠠᠨ ᠪᠣᠯ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠪᠣᠯᠬᠤ ᠡᠨᠡ ᠬᠦ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠶ᠎ᠠ᠃ ᠳᠤᠮᠳᠠᠳᠤ ᠤᠯᠤᠰ ᠤᠨ ᠭᠧᠷᠮᠠᠨ ᠳᠤ ᠬᠠᠨᠳᠤᠭᠤᠯᠬᠤ ᠲᠥᠷᠥ ᠶᠢᠨ ᠪᠣᠳᠣᠯᠭ᠎ᠠ ᠪᠠᠨ ᠳᠡᠭᠡᠳᠦ ᠬᠡᠮᠵᠢᠶᠡᠨ ᠤ ᠲᠣᠭᠲᠠᠭᠤᠨ ᠴᠢᠨᠠᠷ ᠪᠠ ᠠᠪᠴᠠᠯᠳᠤᠩᠭᠤᠶ ᠴᠢᠨᠠᠷ ᠲᠠᠢ ᠪᠠᠶᠢᠬᠤ ᠶᠢ ᠪᠠᠲᠤᠯᠠᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠦᠷᠭᠦᠯᠵᠢᠯᠡᠨ ᠨᠡᠬᠡᠬᠡᠯᠳᠡ ᠲᠠᠢ ᠪᠠᠷ ᠶᠠᠪᠤᠯᠴᠠᠭ᠎ᠠ ᠪᠠᠨ ᠨᠢᠭᠲᠠᠷᠠᠭᠤᠯᠵᠤ᠂ ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠪᠡᠯ ᠵᠣᠬᠢᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠭᠡᠬᠦ᠂ ᠠᠳᠠᠯᠢ ᠲᠠᠯ᠎ᠠ ᠪᠠᠨ ᠡᠷᠢᠵᠦ ᠵᠥᠷᠢᠶ᠎ᠠ ᠲᠠᠢ ᠲᠠᠯ᠎ᠠ ᠪᠠᠨ ᠦᠯᠡᠳᠡᠭᠡᠬᠦ᠂ ᠰᠠᠨᠠᠯ ᠢᠶᠠᠨ ᠰᠤᠯᠢᠯᠴᠠᠨ ᠬᠠᠷᠢᠯᠴᠠᠨ ᠲᠤᠯᠢ ᠪᠣᠯᠭᠠᠬᠤ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠶᠢ ᠪᠠᠷᠢᠮᠲᠠᠯᠠᠳᠠᠭ ᠯᠠ ᠶᠤᠮ ᠪᠣᠯ ᠬᠤᠶᠠᠷ ᠤᠯᠤᠰ ᠤᠨ ᠬᠠᠷᠢᠯᠴᠠᠭ᠎ᠠ ᠯᠠᠪᠲᠠᠢ ᠦᠷᠭᠦᠯᠵᠢᠯᠡᠨ ᠯᠠᠪᠳᠠᠭᠤᠨ ᠬᠤᠯᠠ ᠶᠠᠪᠤᠵᠤ ᠴᠢᠳᠠᠨ᠎ᠠ ᠭᠡᠵᠤ ᠴᠢᠬᠤᠯᠠᠴᠢᠯᠠᠵᠠᠢ᠃   ᠰᠢ ᠶᠢᠨ ᠫᠢᠩ᠂ ᠳᠤᠮᠳᠠᠳᠤ ᠭᠧᠷᠮᠠᠨ ᠤ ᠠᠵᠤ ᠦᠢᠯᠡᠰ ᠤᠨ ᠬᠡᠯᠬᠢᠶ᠎ᠠ ᠬᠠᠩᠭᠠᠯᠭ᠎ᠠ ᠶᠢᠨ ᠬᠡᠯᠬᠢᠶ᠎ᠠ ᠭᠦᠨᠵᠡᠭᠡᠢ ᠠᠭᠤᠰᠤᠯᠴᠠᠵᠤ᠂ ᠬᠤᠶᠠᠷ ᠤᠯᠤᠰ ᠤᠨ ᠵᠠᠬ᠎ᠠ ᠳᠡᠯᠭᠡᠭᠦᠷ ᠳᠡᠭᠡᠳᠦ ᠬᠡᠮᠵᠢᠶ᠎ᠠ ᠪᠠᠷ ᠲᠦᠰᠢᠯᠴᠡᠨ ᠣᠷᠣᠰᠢᠵᠤ ᠪᠠᠶᠢᠨ᠎ᠠ᠃ ᠳᠤᠮᠳᠠᠳᠤ ᠭᠧᠷᠮᠠᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠨᠢ ︽ᠠᠶᠤᠯ ᠲᠦᠭᠰᠢᠭᠦᠷᠢ︾ ᠲᠠᠢ ᠪᠢᠰᠢ᠂ ᠬᠠᠷᠢᠨ ᠬᠤᠶᠠᠷ ᠲᠠᠯ᠎ᠠ ᠶᠢᠨ ᠬᠠᠷᠢᠯᠴᠠᠭ᠎ᠠ ᠲᠣᠭᠲᠠᠪᠤᠷᠢᠳᠠᠢ ᠪᠠᠶᠢᠬᠤ ᠶᠢᠨ ᠪᠠᠲᠤᠯᠠᠭ᠎ᠠ᠂ ᠢᠷᠡᠭᠡᠳᠦᠢ ᠶᠢ ᠨᠡᠭᠡᠭᠡᠬᠦ ᠠᠵᠠ ᠲᠣᠬᠢᠶᠠᠯ ᠪᠣᠯᠤᠨ᠎ᠠ᠃ ᠮᠠᠰᠢᠨ ᠮᠧᠬᠠᠨᠢᠭ ᠦᠢᠯᠡᠳᠬᠦ᠂ ᠮᠠᠰᠢᠨ ᠲᠡᠷᠭᠡ ᠵᠡᠷᠭᠡ ᠤᠯᠠᠮᠵᠢᠯᠠᠯᠲᠤ ᠬᠦᠷᠢᠶ᠎ᠠ ᠴᠦ ᠲᠡᠷᠡ᠂ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ᠂ ᠲᠣᠭᠠᠴᠢᠯᠠᠯᠳᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶ᠎ᠠ ᠴᠦ ᠲᠡᠷᠡ᠂ ᠬᠤᠶᠠᠷ ᠤᠯᠤᠰ ᠴᠥᠮ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠯᠤᠲᠤ ᠶᠡᠭᠡ ᠲᠠᠯᠳᠠ ᠬᠦᠴᠦᠨ ᠢ ᠠᠭᠤᠳᠠᠯᠵᠤ ᠪᠤᠯᠤᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠢᠯᠡ ᠲᠣᠳᠣ ᠣᠨᠴᠠᠯᠢᠭ ᠢ ᠪᠠᠳᠠᠷᠠᠭᠤᠯᠵᠤ᠂ ᠬᠠᠷᠢᠯᠴᠠᠨ ᠲᠦᠰᠢᠯᠴᠡᠨ ᠠᠮᠵᠢᠯᠳᠠ ᠤᠯᠪᠠᠯ ᠵᠤᠬᠢᠨ᠎ᠠ᠃ ᠳᠤᠮᠳᠠᠳᠤ ᠤᠯᠤᠰ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ᠂ ᠯᠢᠲ᠋ᠢ ᠳ᠋ᠢᠶᠠᠨ ᡂᠢ᠂ ᠬᠡᠷᠡᠯᠴᠢ ᠴᠡᠨᠡᠭ ᠤᠨ ᠦᠢᠯᠡᠳᠬᠦᠨ ᠵᠡᠷᠭᠡ ᠶᠢ ᠭᠠᠳᠠᠭᠠᠳᠤ ᠳᠤ ᠭᠠᠷᠭᠠᠭᠰᠠᠨ ᠨᠢ ᠪᠥᠬᠦ ᠪᠥᠮᠪᠥᠷᠴᠡᠭ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ᠪᠥᠬᠦ ᠪᠥᠮᠪᠥᠷᠴᠡᠭ ᠤᠨ ᠵᠣᠭᠤᠰ ᠮᠠᠭᠤᠳᠠᠬᠤ ᠳᠠᠷᠤᠯᠲᠠ ᠶᠢ ᠨᠠᠮᠳᠠᠭᠤᠯᠤᠭᠰᠠᠨ ᠢᠶᠠᠷ ᠪᠠᠷᠠᠬᠤ ᠥᠬᠡᠶ᠂ ᠪᠠᠰᠠ ᠪᠥᠬᠦ ᠪᠥᠮᠪᠥᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠳᠤ ᠯᠤᠲᠤ ᠶᠡᠭᠡ ᠬᠤᠪᠢ ᠨᠡᠮᠡᠷᠢ ᠦᠵᠡᠭᠦᠯᠵᠤ ᠪᠠᠶᠢᠨ᠎ᠠ᠃ ᠳᠤᠮᠳᠠᠳᠤ ᠭᠦ᠋ᠷᠮᠠᠨ ᠬᠤᠶᠠᠷ ᠤᠯᠤᠰ ᠴᠥᠮ ᠠᠵᠤ ᠦᠢᠯᠡᠰ ᠢᠶᠠᠷ ᠤᠯᠤᠰ ᠢᠶᠠᠨ ᠪᠠᠶᠢᠭᠤᠯᠵᠤ᠂ ᠴᠥᠮ ᠴᠢᠯᠥᠭᠡᠲᠦ ᠠᠷᠠᠯᠵᠢᠶ᠎ᠠ ᠪᠣᠯᠤᠨ ᠠᠵᠤ ᠠᠬᠤᠢ ᠶᠢᠨ ᠳᠡᠯᠡᠬᠡᠶᠢᠵᠢᠯᠲᠡ ᠶᠢ ᠳᠡᠮᠵᠢᠳᠡᠭ᠃ ᠬᠤᠶᠠᠷ ᠲᠠᠯ᠎ᠠ ᠪᠠᠷ ᠢᠶᠠᠨ ᠬᠠᠮᠠᠭᠠᠯᠠᠬᠤ ᠦᠵᠡᠯ ᠲᠣᠯᠣᠭᠠᠢ ᠥᠨᠳᠡᠶᠢᠬᠦ ᠶᠢ ᠰᠡᠷᠡᠮᠵᠢᠯᠡᠵᠦ᠂ ᠵᠠᠬ᠎ᠠ ᠳᠡᠯᠭᠡᠭᠦᠷ ᠤᠨ ᠬᠠᠷᠡᠴᠡ ᠪᠣᠯᠤᠨ ᠪᠦᠬᠦ ᠪᠥᠮᠪᠥᠷᠴᠡᠭ ᠤᠨ ᠬᠠᠷᠠᠭᠠᠰᠤ᠂ ᠠᠵᠤ ᠠᠬᠤᠢ ᠶᠢᠨ ᠵᠢᠮ᠎ᠡ ᠶᠣᠰᠣ ᠠᠴᠠ ᠡᠭᠦᠰᠭᠦ ᠶᠢ ᠪᠠᠷᠢᠮᠲᠠᠯᠠᠵᠤ᠂ ᠦᠢᠯᠡᠳᠪᠦᠷᠢᠯᠡᠯ ᠤᠨ ᠴᠢᠳᠠᠪᠤᠷᠢ ᠶᠢᠨ ᠠᠰᠠᠭᠤᠳᠠᠯ ᠳᠤ ᠪᠤᠰᠤᠳᠴᠢ᠂ ᠬᠤᠪᠢᠰᠤᠩᠭᠤᠢ ᠪᠠᠷ ᠬᠠᠨᠳᠤᠵᠤ᠂ ᠬᠠᠮᠲᠤᠷᠠᠯᠴᠠᠭ᠎ᠠ ᠶᠢ ᠢᠯᠡᠭᠦᠬᠡᠨ ᠰᠦᠪᠡᠭᠴᠢᠯᠡᠶ᠎ᠡ᠃ ᠳᠤᠮᠳᠠᠳᠤ ᠤᠯᠤᠰ ᠭᠠᠳᠠᠭᠠᠳᠤ ᠨᠡᠬᠡᠬᠡᠯᠳᠡ ᠬᠢᠬᠦ ᠤᠯᠤᠰ ᠤᠨ ᠦᠨᠳᠦᠰᠦᠨ ᠪᠤᠳᠤᠯᠭ᠎ᠠ ᠶᠢ ᠪᠠᠷᠢᠮᠲᠠᠯᠠᠨ᠎ᠠ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠭᠦ᠋ᠷᠮᠠᠨ ᠳᠤ ᠬᠦᠷᠴᠦ ᠬᠥᠭᠵᠢᠬᠦ ᠳᠤ ᠡᠷᠬᠡ ᠲᠡᠭᠰᠢ᠂ ᠢᠯᠡ ᠲᠣᠳᠣ᠂ ᠨᠡᠭᠡᠭᠡᠯᠲᠡᠲᠦ᠂ ᠭᠠᠳᠠᠭᠤᠷᠴᠢᠯᠠᠯ ᠦᠭᠡᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠬᠠᠩᠭᠠᠬᠤ ᠶᠢ ᠭᠦ᠋ᠷᠮᠠᠨ ᠤ ᠬᠢᠨ ᠳᠤ ᠬᠦᠰᠡᠵᠦ ᠪᠠᠶᠢᠨ᠎ᠠ᠃ ᠳᠤᠮᠳᠠᠳᠤ ᠭᠧᠷᠮᠠᠨ ᠳᠡᠯᠡᠬᠡᠶ ᠶᠢᠨ ᠣᠯᠠᠨ ᠲᠦᠢᠯᠰᠢᠷᠠᠬᠤ ᠠᠰᠠᠭᠤᠳᠠᠯ ᠳᠡᠭᠡᠷ᠎ᠡ ᠴᠥᠭᠡᠨ ᠪᠤᠰᠤ ᠠᠳᠠᠯᠢ ᠲᠠᠯ᠎ᠠ ᠲᠠᠢ ᠶᠤᠮ᠃ ᠤᠯᠠᠨ ᠲᠦᠢᠯᠰᠢᠷᠠᠯᠲᠠ ᠨᠢ ᠮᠥᠨ ᠴᠢᠨᠠᠷ ᠳᠡᠭᠡᠷ᠎ᠡ ᠪᠠᠨ ᠠᠳᠠᠯᠢ ᠪᠤᠰᠤ ᠪᠣᠯᠪᠠᠰᠤᠨ᠂ ᠠᠳᠠᠯᠢ ᠪᠤᠰᠤ ᠪᠠᠶᠢᠭᠤᠯᠤᠯ᠂ ᠠᠳᠠᠯᠢ ᠪᠤᠰᠤ ᠵᠠᠮ ᠲᠠᠢ ᠤᠯᠤᠰ ᠤᠳ ᠤᠨ ᠬᠤᠭᠤᠷᠣᠨᠳᠣ ᠬᠠᠷᠢᠯᠴᠠᠨ ᠬᠦᠨᠳᠦᠳᠭᠡᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠶᠣᠰᠣᠲᠠᠢ᠃ ᠳᠤᠮᠳᠠᠳᠤ ᠭᠦ᠋ᠷᠮᠠᠨ ᠪᠡᠶ᠎ᠡ ᠪᠠᠨ ᠳᠠᠭᠠᠭᠠᠵᠤ ᠡᠵᠡᠨ ᠮᠡᠳᠡᠨ ᠤᠯᠠᠨ ᠲᠠᠯ᠎ᠠ ᠶᠢᠨ ᠬᠦᠷᠢᠶᠡᠨ ᠤ ᠬᠠᠮᠵᠢᠯᠴᠠᠭ᠎ᠠ ᠥᠷᠨᠢᠭᠦᠯᠵᠦ᠂ ᠳᠡᠯᠡᠬᠡᠢ ᠨᠡᠶᠢᠭᠡᠮ ᠤᠨ ᠪᠣᠳᠠᠲᠤ ᠠᠵᠢᠯᠯᠠᠭ᠎ᠠ ᠪᠠᠷ ᠢᠶᠠᠨ ᠠᠭᠤᠷ ᠠᠮᠢᠰᠬᠤᠯ ᠤᠨ ᠬᠤᠪᠢᠷᠠᠯᠲᠠ᠂ ᠬᠥᠭᠵᠢᠯᠲᠡ ᠶᠢᠨ ᠲᠡᠩᠴᠡᠭᠦᠷᠢ ᠦᠭᠡᠢ ᠪᠠᠶᠢᠳᠠᠯ᠂ ᠭᠠᠵᠠᠷ ᠣᠷᠣᠨ ᠤ ᠮᠥᠷᠭᠦᠯᠳᠦᠭᠡᠨ ᠵᠡᠷᠭᠡ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠢ ᠨᠡᠩ ᠰᠠᠶᠢᠨ ᠠᠷᠭᠠᠴᠠᠭᠠᠬᠤ ᠶᠢ ᠠᠬᠢᠭᠤᠯᠵᠤ᠂ ᠳᠡᠯᠡᠬᠡᠢ ᠶᠢᠨ ᠲᠡᠩᠴᠡᠭᠦᠷᠢ ᠲᠣᠭᠲᠠᠭᠤᠨ ᠳᠤ ᠨᠡᠩ ᠤᠯᠠᠨ ᠬᠤᠪᠢ ᠨᠡᠮᠡᠷᠢ ᠦᠵᠡᠭᠦᠯᠪᠡᠯ ᠵᠣᠬᠢᠨ᠎ᠠ ᠭᠡᠵᠦ ᠵᠢᠭᠠᠵᠤ ᠭᠠᠷᠭᠠᠪᠠ᠃   ᠱᠦᠸᠧᠷᠼᠢ᠂ ᠣᠳᠣᠬᠠᠨ ᠳᠤ ᠭᠧᠷᠮᠠᠨ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠰᠠᠶᠢᠨ ᠪᠠᠶᠢᠵᠤ᠂ ᠬᠤᠶᠠᠷ ᠲᠠᠯ᠎ᠠ ᠶᠢᠨ ᠡᠯ᠎ᠡ ᠳᠠᠪᠬᠤᠷᠭ᠎ᠠ᠂ ᠡᠯ᠎ᠡ ᠬᠦᠷᠢᠶᠡᠨ ᠤ ᠶᠠᠪᠤᠯᠴᠠᠭ᠎ᠠ ᠨᠢᠭᠲᠠ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠵᠠᠰᠠᠭ ᠤᠨ ᠣᠷᠳᠣᠨ ᠤ ᠵᠥᠪᠳᠡᠯᠴᠡᠭᠡ ᠵᠢᠴᠢ ᠪᠠᠶᠢᠯᠳᠤᠬᠤ ᠪᠤᠳᠤᠯᠭ᠎ᠠ᠂ ᠡᠳ᠋ ᠤᠨ ᠵᠠᠰᠠᠭ ᠮᠥᠩᠭᠦᠨ ᠭᠦᠢᠯᠭᠡᠭᠡ ᠵᠡᠷᠭᠡ ᠬᠦᠷᠢᠶᠡᠨ ᠤ ᠳᠡᠭᠡᠳᠦ ᠲᠡᠰ ᠤᠨ ᠶᠠᠷᠢᠯᠴᠠᠭ᠎ᠠ ᠶᠢ ᠠᠮᠵᠢᠯᠲᠠ ᠲᠠᠢ ᠶᠠᠪᠤᠭᠳᠠᠭᠤᠯᠵᠤ᠂ ᠪᠠᠰᠠ ᠠᠭᠤᠷ ᠠᠮᠢᠰᠬᠤᠯ ᠤᠨ ᠬᠤᠪᠢᠷᠠᠯᠲᠠ ᠪᠣᠯᠤᠨ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠠᠷᠢᠯᠴᠠᠭ᠎ᠠ ᠬᠢᠬᠦ ᠪᠣᠯᠤᠨ᠎ᠠ᠃ ᠥᠩᠭᠡᠷᠡᠭᠰᠡᠨ ᠬᠤᠶᠠᠷ ᠡᠳᠦᠷ ᠪᠢ ᠭᠦ᠋ᠷᠮᠠᠨ ᠤ ᠠᠵᠤ ᠠᠬᠤᠶᠢᠯᠠᠯ ᠤᠨ ᠡᠲᠡᠭᠡᠳ ᠤᠨ ᠲᠥᠯᠥᠭᠡᠯᠡᠭᠴᠢᠳ ᠲᠠᠢ ᠴᠦᠩᠴᠢᠩ᠂ ᠱᠠᠩᠬᠠᠢ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠤᠢᠢᠷ᠎ᠠ ᠶᠢᠨ ᠵᠢᠯ ᠳᠤ ᠣᠯᠤᠭᠰᠠᠨ ᠯᠤᠲᠤ ᠶᠡᠭᠡ ᠠᠮᠵᠢᠯᠲᠠ ᠶᠢ ᠪᠡᠶᠡᠴᠢᠯᠡᠨ ᠣᠶᠢᠯᠠᠭᠠᠵᠤ᠂ ᠭᠦ᠋ᠷᠮᠠᠨ ᠳᠤᠮᠳᠠᠳᠤ ᠬᠤᠶᠠᠷ ᠤᠯᠤᠰ ᠤᠨ ᠠᠵᠤ ᠠᠬᠤᠶᠢᠯᠠᠯ ᠤᠨ ᠡᠲᠡᠭᠡᠳ ᠤᠨ ᠨᠢᠭᠲᠠ ᠰᠠᠶᠢᠨ ᠬᠠᠮᠲᠤᠷᠠᠯᠴᠠᠭ᠎ᠠ ᠳᠤ ᠭᠦᠨ ᠰᠠᠭᠤᠭᠳᠠᠯ ᠲᠠᠢ ᠪᠤᠯᠵᠠᠢ᠃ ᠭᠧᠷᠮᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠦᠷᠭᠦᠯᠵᠢᠯᠡᠨ ᠬᠤᠶᠠᠷ ᠤᠯᠤᠰ ᠤᠨ ᠬᠠᠷᠢᠯᠴᠠᠭ᠎ᠠ ᠪᠠᠨ ᠴᠢᠩᠭᠠᠳᠬᠠᠵᠤ᠂ ᠡᠯ᠎ᠡ ᠬᠦᠷᠢᠶᠡᠨ ᠤ ᠬᠤᠶᠠᠷ ᠲᠠᠯ᠎ᠠ ᠶᠢᠨ ᠶᠠᠷᠢᠯᠴᠠᠭ᠎ᠠ ᠪᠣᠯᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ᠂ ᠰᠣᠶᠣᠯ ᠵᠡᠷᠭᠡ ᠬᠦᠷᠢᠶᠡᠨ ᠤ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠠᠬᠢᠭᠤᠯᠤᠨ᠎ᠠ᠂ ᠡᠨᠡ ᠨᠢ ᠭᠧᠷᠮᠠᠨ ᠳᠤᠮᠳᠠᠳᠤ ᠬᠤᠶᠠᠷ ᠤᠯᠤᠰ ᠵᠢᠴᠢ ᠳᠡᠯᠡᠬᠡᠢ ᠳ᠋ᠠᠬᠢᠨ ᠳᠤ ᠴᠥᠮ ᠲᠦᠢᠯ ᠤᠨ ᠴᠢᠬᠤᠯᠠ ᠶᠤᠮ᠃ ᠭᠧᠷᠮᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠦᠬᠦ ᠪᠥᠮᠪᠥᠷᠴᠡᠭ ᠤᠨ ᠥᠷᠢᠰᠥᠯᠳᠦᠭᠡᠨ ᠢ ᠬᠠᠮᠲᠤ ᠪᠠᠷ ᠠᠷᠭᠠᠴᠠᠭᠠᠵᠤ᠂ ᠤᠯᠠᠨ ᠲᠠᠯᠠᠲᠤ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠬᠤ ᠪᠠᠷ ᠴᠢᠷᠮᠠᠶᠢᠵᠤ᠂ ᠳᠡᠯᠡᠬᠡᠢ ᠶᠢᠨ ᠡᠩᠬᠡ ᠲᠠᠶᠢᠪᠤᠩ ᠪᠣᠯᠤᠨ ᠬᠥᠭᠵᠢᠯᠲᠡ ᠶᠢ ᠠᠬᠢᠭᠤᠯᠵᠤ᠂ ᠡᠰᠡᠷᠭᠦᠴᠡᠯᠳᠦᠨ ᠲᠡᠮᠡᠴᠡᠯᠳᠦᠬᠦ ᠶᠢ ᠵᠥᠪᠰᠢᠶᠡᠷᠡᠬᠦ ᠦᠭᠡᠢ᠃ ᠭᠧᠷᠮᠠᠨ ᠤ ᠲᠠᠯ᠎ᠠ ᠶᠢᠨ ᠬᠢᠨ ᠬᠠᠮᠠᠭᠠᠯᠠᠬᠤ ᠦᠵᠡᠯ ᠢ ᠡᠰᠡᠷᠭᠦᠴᠡᠵᠦ᠂ ᠴᠢᠯᠥᠭᠡᠲᠦ ᠠᠷᠠᠯᠵᠢᠶ᠎ᠠ ᠶᠢ ᠳᠠᠮᠵᠢᠨ᠎ᠠ᠃ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠶᠢᠨ ᠴᠢᠬᠤᠯᠠ ᠪᠦᠷᠢᠯᠳᠦᠬᠦᠨ ᠪᠣᠯᠤᠭᠰᠠᠨ ᠤ ᠬᠤᠪᠢ ᠳᠤ᠂ ᠭᠦ᠋ᠷᠮᠠᠨ ᠳᠤᠷᠠᠲᠠᠶ᠎ᠠ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠪᠣᠯᠤᠨ ᠳᠤᠮᠳᠠᠳᠤ ᠤᠯᠤᠰ ᠤᠨ ᠬᠠᠷᠢᠯᠴᠠᠭ᠎ᠠ ᠶᠢᠨ ᠰᠠᠶᠢᠨ ᠰᠠᠶᠢᠬᠠᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ ᠢᠯᠡᠳᠭᠡᠪᠡ᠃   ᠬᠤᠶᠠᠷ ᠤᠯᠤᠰ ᠤᠨ ᠤᠳᠤᠷᠢᠳᠬᠤ ᠬᠥᠮᠦᠨ ᠪᠠᠰᠠ ᠦᠺᠷᠠᠶᠢᠨ ᠤ ᠬᠢᠮᠤᠷᠠᠯ ᠤᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠵᠤ᠂ ᠳᠤᠮᠳᠠᠳᠤ ᠭᠦ᠋ᠷᠮᠠᠨ ᠴᠥᠮ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ ᠵᠢᠷᠤᠮᠯᠠᠬᠤ ᠪᠠᠷ ᠴᠢᠷᠮᠠᠶᠢᠵᠤ᠂ ᠴᠥᠮ᠎ᠡ ᠶᠢᠨ ᠵᠡᠪᠰᠡᠭ ᠬᠡᠷᠡᠭᠯᠡᠬᠦ ᠪᠤᠶᠤ ᠡᠩᠬᠡ ᠳᠠᠶᠢᠪᠤᠩ ᠴᠥᠮ᠎ᠡ ᠶᠢᠨ ᠲᠥᠬᠦᠭᠡᠷᠦᠮᠵᠢ ᠶᠢ ᠳᠠᠭᠠᠷᠢᠬᠤ ᠶᠢ ᠡᠰᠡᠷᠭᠦᠴᠡᠵᠦ᠂ ᠣᠯᠠᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠠᠰᠠᠭᠤᠳᠠᠯ ᠢ ᠲᠣᠬᠢᠲᠠᠶ ᠰᠢᠢᠳᠪᠦᠷᠢᠯᠡᠵᠦ᠂ ᠣᠯᠠᠨ ᠤᠯᠤᠰ ᠤᠨ ᠬᠥᠮᠦᠯᠢᠭ ᠦᠵᠡᠯ ᠤᠨ ᠬᠠᠤᠯᠢ ᠶᠢ ᠵᠢᠷᠤᠮᠯᠠᠨ᠎ᠠ ᠭᠡᠵᠦ ᠢᠯᠡᠳᠬᠡᠪᠡ᠃   ᠰᠢ ᠶᠢᠨ ᠫᠢᠩ᠂ ᠣᠳᠣᠬᠠᠨ ᠤ ᠪᠠᠶᠢᠳᠠᠯ ᠳᠣᠣᠷ᠎ᠠ ᠮᠥᠷᠭᠦᠯᠳᠦᠭᠡᠨ ᠤ ᠡᠷᠭᠢᠭᠦᠯᠭᠡᠨ ᠬᠡᠯᠪᠡᠷᠢ ᠪᠠᠷ ᠲᠡᠰ ᠳᠡᠪᠰᠢᠬᠦ ᠴᠢᠨᠠᠭᠰᠢᠯᠠᠪᠠᠯ ᠡᠵᠡᠮᠰᠢᠯ ᠢᠶᠠᠨ ᠠᠯᠳᠠᠬᠤ ᠠᠴᠠ ᠰᠡᠷᠭᠡᠶᠢᠯᠡᠬᠦ ᠶᠢᠨ ᠲᠥᠯᠥᠭᠡ᠂ ᠡᠯ᠎ᠡ ᠲᠠᠯ᠎ᠠ ᠶᠢᠨ ᠬᠢᠨ ᠡᠩᠬᠡ ᠲᠠᠶᠢᠪᠤᠩ ᠢ ᠡᠷᠲᠡᠬᠡᠨ ᠰᠡᠷᠭᠦᠭᠡᠬᠦ ᠪᠠᠷ ᠬᠠᠮᠲᠤ ᠪᠠᠷ ᠴᠢᠷᠮᠠᠶᠢᠪᠠᠯ ᠵᠣᠬᠢᠨ᠎ᠠ᠃ ᠡᠶᠢᠮᠦ ᠠᠴᠠ ᠳᠣᠣᠷᠠᠬᠢ ᠬᠡᠳᠦᠨ ᠵᠠᠷᠴᠢᠮ ᠢ ᠪᠠᠷᠢᠮᠲᠠᠯᠠᠪᠠᠯ ᠵᠤᠬᠢᠨ᠎ᠠ᠄ ᠨᠢᠭᠡ ᠳᠤ ᠡᠩᠬᠡ ᠲᠠᠶᠢᠪᠤᠩ ᠲᠣᠭᠲᠠᠭᠤᠨ ᠪᠠᠶᠢᠬᠤ ᠶᠡᠭᠡ ᠲᠠᠯ᠎ᠠ ᠶᠢ ᠴᠢᠬᠤᠯᠠᠴᠢᠯᠠᠵᠤ᠂ ᠬᠤᠪᠢ ᠶᠢᠨ ᠠᠰᠢᠭ ᠲᠤᠰᠠ ᠪᠠᠨ ᠬᠥᠭᠡᠭᠡᠴᠡᠯᠳᠦᠬᠦ ᠦᠭᠡᠢ ᠪᠠᠶᠢᠬᠤ ᠬᠡᠷᠡᠭᠳᠡᠢ᠃ ᠬᠤᠶᠠᠷ ᠲᠤ ᠴᠠᠭ ᠤᠨ ᠪᠠᠶᠢᠳᠠᠯ ᠤᠨ ᠬᠠᠯᠠᠭᠤᠷᠠᠯ ᠢ ᠨᠠᠮᠳᠠᠭᠤᠯᠵᠤ ᠂ ᠨᠤᠴᠤᠭᠰᠠᠨ ᠭᠠᠯ ᠳᠡᠭᠡᠷ᠎ᠡ ᠳᠤᠰᠤ ᠨᠡᠮᠡᠬᠦ ᠦᠭᠡᠢ ᠪᠠᠶᠢᠬᠤ ᠬᠡᠷᠡᠭᠳᠡᠢ᠃ ᠭᠤᠷᠪᠠ ᠳᠤ ᠡᠩᠬᠡ ᠳᠠᠶᠢᠪᠤᠩ ᠢ ᠰᠡᠷᠭᠦᠭᠡᠬᠦ ᠳᠤ ᠨᠦᠬᠦᠴᠡᠯ ᠬᠤᠷᠠᠮᠳᠤᠭᠤᠯᠵᠤ᠂ ᠵᠥᠷᠢᠴᠡᠯ ᠢ ᠴᠢᠨᠠᠭᠰᠢᠳᠠ ᠬᠤᠷᠴᠠᠳᠬᠠᠬᠤ ᠦᠭᠡᠢ ᠪᠠᠶᠢᠬᠤ ᠬᠡᠷᠡᠭᠳᠡᠢ᠃ ᠲᠦᠷᠪᠡ ᠳᠤ ᠳᠡᠯᠡᠬᠡᠢ ᠶᠢᠨ ᠠᠵᠤ ᠠᠬᠤᠢ ᠳᠤ ᠦᠵᠡᠭᠦᠯᠬᠦ ᠨᠠᠵᠠᠭᠠᠢ ᠨᠥᠯᠥᠭᠡ ᠶᠢ ᠪᠠᠭᠠᠰᠬᠠᠵᠤ᠂ ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠡᠪᠳᠡᠬᠦ ᠦᠭᠡᠢ ᠪᠠᠶᠢᠬᠤ ᠬᠡᠷᠡᠭᠳᠡᠢ᠃ ᠳᠤᠮᠳᠠᠳᠤ ᠤᠯᠤᠰ ᠪᠣᠯ ᠦᠺᠷᠠᠶᠢᠨ ᠤ ᠬᠢᠮᠤᠷᠠᠯ ᠤᠨ ᠬᠤᠯᠪᠤᠭ᠎ᠠ ᠲᠠᠢ ᠲᠠᠯ᠎ᠠ᠂ ᠣᠷᠣᠯᠴᠠᠭᠰᠠᠨ ᠲᠠᠯ᠎ᠠ ᠪᠢᠰᠢ᠂ ᠭᠡᠪᠡᠴᠦ ᠥᠪᠡᠷ ᠤᠨ ᠠᠷᠭ᠎ᠠ ᠪᠠᠷ ᠢᠶᠠᠨ ᠡᠪᠰᠡᠭᠦ ᠶᠢ ᠢᠳᠬᠠᠵᠤ ᠬᠡᠯᠡᠯᠴᠡᠭᠡ ᠬᠢᠬᠦ ᠶᠢ ᠠᠬᠢᠭᠤᠯᠤᠭᠰᠠᠭᠠᠷ ᠢᠷᠡᠵᠡᠶ᠃ ᠳᠤᠮᠳᠠᠳᠤ ᠤᠯᠤᠰ ᠬᠢᠮᠤᠷᠠᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠳᠤ ᠠᠰᠢᠭᠲᠠᠢ ᠠᠯᠢᠪᠠ ᠴᠢᠷᠮᠠᠶᠢᠯᠭ᠎ᠠ ᠶᠢ ᠵᠣᠷᠢᠭᠵᠢᠭᠤᠯᠤᠨ ᠲᠡᠮᠵᠢᠵᠥ᠂ ᠤᠷᠤᠰ ᠦᠺᠷᠠᠶᠢᠨ ᠬᠤᠶᠠᠷ ᠲᠠᠯ᠎ᠠ ᠶᠢᠨ ᠬᠢᠨ ᠪᠦᠷ ᠮᠡᠳᠡᠷᠡᠬᠦ᠂ ᠡᠯ᠎ᠡ ᠲᠠᠯ᠎ᠠ ᠶᠢᠨ ᠬᠢᠨ ᠡᠷᠬᠡ ᠲᠡᠭᠰᠢ ᠪᠠᠷ ᠣᠷᠣᠯᠴᠠᠬᠤ᠂ ᠪᠤᠢ ᠪᠦᠬᠦᠢ ᠨᠠᠶᠢᠷᠠᠮᠳᠠᠯ ᠤᠨ ᠲᠥᠰᠦᠯ ᠢ ᠡᠷᠬᠡ ᠲᠡᠭᠰᠢ ᠪᠠᠷ ᠶᠠᠷᠢᠯᠴᠠᠬᠤ ᠤᠯᠠᠨ ᠤᠯᠤᠰ ᠤᠨ ᠡᠩᠭᠡ ᠲᠠᠶᠢᠪᠤᠩ ᠤᠨ ᠬᠤᠷᠠᠯ ᠢ ᠴᠠᠭ ᠲᠠᠭᠠᠨ ᠳᠤᠬᠢᠷᠠᠭᠤᠯᠤᠨ ᠬᠤᠷᠠᠯᠳᠤᠭᠤᠯᠬᠤ ᠶᠢ ᠲᠡᠮᠵᠢᠵᠥ᠂ ᠳᠤᠷᠠᠲᠠᠶ᠎ᠠ ᠭᠧᠷᠮᠠᠨ ᠢ ᠪᠠᠭᠲᠠᠭᠠᠭᠰᠠᠨ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠨᠢᠭᠲᠠ ᠤᠯᠤᠯᠴᠠᠭ᠎ᠠ ᠪᠠᠨ ᠪᠠᠲᠤᠯᠠᠨ᠎ᠠ ᠭᠡᠵᠦ ᠴᠢᠬᠤᠯᠠᠴᠢᠯᠠᠪᠠ᠃   ᠬᠤᠶᠠᠷ ᠲᠠᠯ᠎ᠠ ᠪᠠᠷ ᠢᠶᠠᠨ ᠪᠠᠰᠠ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠵᠡᠷᠭᠡ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠬᠤᠶᠠᠷ ᠲᠠᠯ᠎ᠠ ᠪᠠᠷ ᠢᠶᠠᠨ᠂ ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ 2728 ᠳ᠋ᠤᠭᠠᠷ ᠲᠣᠭᠠᠲᠤ ᠰᠢᠢᠳᠪᠦᠷᠢ ᠶᠢ ᠨᠠᠶᠢᠳᠠᠪᠤᠷᠢᠵᠢᠭᠤᠯᠵᠤ᠂ ᠬᠡᠷᠡᠭ ᠶᠡᠬᠡᠳᠬᠦ ᠶᠢ ᠰᠡᠷᠭᠡᠶᠢᠯᠡᠵᠦ᠂ ᠪᠠᠶᠢᠳᠠᠯ ᠴᠢᠨᠠᠭᠰᠢᠳᠠ ᠮᠠᠭᠤᠳᠠᠬᠤ ᠠᠴᠠ ᠵᠠᠶᠢᠯᠠᠰᠭᠢᠵᠦ᠂ ᠭᠠᠽᠠ ᠣᠷᠣᠨ ᠤ ᠬᠠᠷᠰᠢ ᠰᠠᠭᠠᠳ ᠦᠭᠡᠢ᠂ ᠦᠷᠭᠦᠯᠵᠢᠯᠡᠬᠦ ᠬᠥᠮᠦᠯᠢᠭ ᠦᠵᠡᠯ ᠤᠨ ᠣᠷᠣᠬᠤ ᠵᠥᠪᠰᠢᠶᠡᠷᠡᠯ ᠢ ᠪᠠᠲᠤᠯᠠᠵᠤ᠂  ᠫᠠᠯᠧᠰᠲ᠋ᠠᠶᠢᠨ ᠤ ᠠᠰᠠᠭᠤᠳᠠᠯ ᠢ ︽ᠬᠤᠶᠠᠷ ᠤᠯᠤᠰ ᠤᠨ ᠡᠷᠲᠡᠬᠡᠨ ᠪᠦᠬᠦ ᠲᠠᠯ᠎ᠠ ᠶᠢᠨ᠂ ᠲᠥᠪ ᠭᠤᠣᠯᠴᠢ᠂ ᠤᠳᠠᠭᠠᠨ ᠳᠠᠭᠠᠭᠠᠮᠠᠭᠠᠢ ᠪᠠᠷ ᠰᠢᠢᠳᠪᠦᠷᠢᠯᠡᠬᠳᠡᠬᠦ ᠶᠢ ᠠᠬᠢᠭᠤᠯᠪᠠᠯ ᠵᠣᠬᠢᠨ᠎ᠠ ᠭᠡᠵᠦ ᠦᠵᠡᠪᠡ᠃   ᠠᠭᠤᠯᠵᠠᠯᠲᠠ ᠶᠢᠨ ᠳᠠᠷᠠᠭ᠎ᠠ᠂ ᠰᠢ ᠶᠢᠨ ᠫᠢᠩ ᠱᠦᠸᠧᠷᠼᠢ ᠲᠠᠢ ᠬᠠᠮᠲᠤ ᠰᠡᠯᠡᠭᠦᠴᠡᠨ ᠠᠯᠬᠤᠬᠤ ᠶᠢᠨ ᠬᠠᠮᠲᠤ ᠦᠳᠡ ᠶᠢᠨ ᠬᠤᠭᠤᠯᠠ ᠵᠤᠭᠤᠭᠯᠠᠵᠤ᠂ ᠥᠷᠭᠡᠨ ᠳᠡᠯᠭᠡᠷ ᠵᠥᠪᠯᠡᠬᠦ ᠵᠦᠢᠯ ᠤᠨ ᠲᠤᠬᠠᠢ ᠰᠠᠨᠠᠯ ᠢᠶᠠᠨ ᠴᠢᠨᠠᠭᠰᠢᠳᠠ ᠭᠦᠨᠵᠡᠭᠡᠢ ᠰᠣᠯᠢᠯᠴᠠᠪᠠ᠃ᠸᠠᠩ ᠢ ᠠᠭᠤᠯᠵᠠᠯᠲᠠ ᠳᠤ ᠣᠷᠣᠯᠴᠠᠵᠠᠢ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 16 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号