ᠯᠢ ᠴᠢᠶᠠᠩ ᠭᠧᠷᠮᠠᠨ ᠤ ᠶᠡᠷᠦᠩᠬᠡᠢ ᠰᠠᠶᠢᠳ ᠱᠦᠢᠧᠷᠼ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/4/17
    ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ ᠳᠦᠷᠤ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠰᠠᠷ᠎ᠠ ᠶᠢᠨ 16 ᠤ ᠡᠳᠦᠷ ᠤᠨ ᠣᠢᠲᠠ ᠶᠢᠨ ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠ ᠶᠣᠰᠣᠨ ᠤ ᠠᠶᠢᠯᠴᠢᠯᠠᠯᠲᠠ ᠬᠢᠵᠦ ᠪᠠᠶᠢᠭ᠎ᠠ ᠬᠧᠷᠮᠠᠨ ᠤ ᠶᠡᠷᠦᠩᠬᠡᠢ ᠰᠠᠶᠢᠳ ᠱᠦᠢᠧᠷᠼ ᠲᠠᠢ ᠬᠡᠯᠡᠯᠴᠡᠭᠡ ᠬᠢᠪᠡ᠃
670.jpg
    ᠯᠢ ᠴᠢᠶᠠᠩ᠂ ᠡᠨᠡ ᠵᠢᠯ ᠪᠣᠯ ᠳᠤᠮᠳᠠᠳᠤ ᠭᠧᠷᠮᠠᠨ ᠤ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 10 ᠵᠢᠯ ᠤᠨ ᠣᠢ ᠪᠣᠯᠤᠨ᠎ᠠ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠣᠳᠣᠬᠠᠨ ᠳᠤ ᠳᠤᠮᠳᠠᠳᠤ ᠭᠧᠷᠮᠠᠨ ᠤ ᠬᠠᠷᠢᠴᠠᠭ᠎ᠠ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠶᠠᠷᠢᠯᠴᠠᠭ᠎ᠠ ᠬᠠᠮᠵᠢᠯᠴᠠᠭ᠎ᠠ ᠢᠳᠡᠪᠬᠢᠲᠡᠢ ᠠᠬᠢᠯᠲᠠ ᠲᠠᠢ᠃ ᠲᠡᠷᠢᠭᠦᠯᠡᠭᠴᠢ ᠰᠢ ᠶᠢᠨ ᠫᠢᠩ ᠡᠨᠡ ᠦᠳᠡ ᠶᠢᠨ ᠡᠮᠦᠨ᠎ᠡ ᠶᠡᠷᠦᠩᠬᠡᠢ ᠰᠠᠶᠢᠳ ᠠᠪᠤᠭᠠᠢ ᠯᠤᠭ᠎ᠠ ᠠᠭᠤᠯᠵᠠᠵᠤ᠂ ᠠᠯᠢ ᠣᠯᠠᠨ ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠤ᠂ ᠳᠤᠮᠳᠠᠳᠤ ᠭᠧᠷᠮᠠᠨ ᠤ ᠬᠠᠷᠢᠯᠴᠠᠭ᠎ᠠ ᠶᠢᠨ ᠤᠯᠠᠮ ᠨᠢᠭᠡ ᠠᠯᠬᠤᠮ ᠬᠥᠭᠵᠢᠬᠦ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠳᠤᠮᠳᠠᠳᠤ ᠶᠢᠨ ᠲᠠᠯ᠎ᠠ ᠳᠤᠷᠠᠲᠠᠶ᠎ᠠ ᠭᠧᠷᠮᠠᠨ ᠤ ᠬᠢᠨ ᠲᠠᠢ ᠬᠠᠮᠲᠤ ᠪᠠᠷ ᠦᠷᠭᠦᠯᠵᠢᠯᠡᠨ ᠴᠢᠷᠮᠠᠶᠢᠵᠤ᠂ ᠶᠠᠷᠢᠯᠴᠠᠭᠠᠨ ᠤ ᠳᠤᠮᠳᠠ ᠣᠶᠢᠯᠠᠭᠠᠯᠴᠠᠭ᠎ᠠ ᠢᠲᠡᠭᠡᠯᠴᠡᠭᠡ ᠪᠠᠨ ᠨᠡᠮᠡᠭᠳᠡᠭᠦᠯᠵᠦ᠂ ᠬᠠᠮᠲᠤᠷᠠᠯᠴᠠᠭᠠᠨ ᠤ ᠳᠤᠮᠳᠠ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠵᠦ᠂ ᠳᠤᠮᠳᠠᠳᠤ ᠭᠧᠷᠮᠠᠨ ᠤ ᠬᠠᠷᠢᠯᠴᠠᠭ᠎ᠠ ᠶᠢᠨ ᠲᠠᠰᠤᠷᠠᠯᠳᠡ ᠦᠭᠡᠢ ᠰᠢᠨ᠎ᠡ ᠳᠡᠭᠲᠡᠷ ᠲᠤ ᠭᠠᠷᠴᠤ᠂ ᠰᠢᠨ᠎ᠡ ᠦᠷ᠎ᠡ ᠪᠦᠲᠦᠭᠡᠯ ᠣᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠴᠦ᠂ ᠳᠡᠯᠡᠬᠡᠢ ᠶᠢᠨ ᠬᠠᠮᠲᠤ ᠶᠢᠨ ᠬᠥᠭᠵᠢᠯᠲᠡ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃    ᠯᠢ ᠴᠢᠶᠠᠩ᠂ ᠬᠤᠶᠠᠷ ᠲᠠᠯ᠎ᠠ ᠪᠠᠷ ᠢᠶᠠᠨ ᠳᠤᠮᠳᠠᠳᠤ ᠭᠧᠷᠮᠠᠨ ᠤ ᠵᠠᠰᠠᠭ ᠤᠨ ᠣᠷᠳᠣᠨ ᠤ ᠵᠥᠪᠳᠡᠯᠴᠡᠭᠡ ᠵᠡᠷᠭᠡ ᠡᠯ᠎ᠡ ᠱᠠᠲᠤ ᠳᠠᠪᠬᠤᠷᠭ᠎ᠠ ᠶᠢᠨ ᠶᠠᠷᠢᠯᠴᠠᠭᠠᠨ ᠤ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡᠳᠦᠯᠲᠡᠢ ᠲᠥᠯᠥᠪᠵᠢᠭᠦᠯᠦᠨ᠂ ᠵᠣᠬᠢᠴᠠᠭᠤᠯᠤᠨ ᠠᠬᠢᠭᠤᠯᠵᠤ᠂ ᠬᠤᠶᠠᠷ ᠲᠠᠯ᠎ᠠ ᠶᠢᠨ ᠠᠷᠠᠯᠵᠢᠶ᠎ᠠ ᠶᠢ ᠨᠡᠩ ᠰᠢᠯᠢᠳᠡᠭᠵᠢᠭᠦᠯᠦᠨ ᠲᠡᠩᠴᠡᠭᠦᠷᠢᠲᠡᠢ ᠬᠥᠭᠵᠢᠭᠦᠯᠬᠦ ᠶᠢ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠣᠶᠤᠨ ᠴᠢᠳᠠᠪᠤᠷᠢ᠂ ᠪᠣᠬᠢᠷᠲᠤᠯ ᠦᠭᠡᠢ ᠬᠥᠭᠵᠢᠯᠲᠡ ᠵᠡᠷᠭᠡ ᠬᠠᠮᠲᠤᠷᠠᠯᠴᠠᠭᠠᠨ ᠤ ᠰᠢᠨ᠎ᠡ ᠨᠡᠮᠡᠭᠳᠡᠯ ᠤᠨ ᠴᠡᠭ ᠢ ᠡᠭᠦᠳᠴᠦ᠂ ᠬᠥᠮᠦᠰ ᠤᠨ ᠶᠠᠪᠤᠯᠴᠠᠭ᠎ᠠ ᠶᠢ ᠴᠢᠨᠠᠭᠰᠢᠳᠠ ᠥᠷᠭᠡᠳᠬᠡᠵᠦ᠂ ᠣᠷᠣᠨ ᠨᠤᠲᠤᠭ᠂ ᠰᠣᠶᠣᠯ ᠪᠡᠶ᠎ᠡ ᠶᠢᠨ ᠲᠠᠮᠢᠷ᠂ ᠵᠠᠯᠠᠭᠤᠴᠤᠳ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠨᠡᠩ ᠶᠡᠭᠡ ᠡᠷᠴᠢᠮ ᠢᠶᠠᠷ ᠳᠡᠮᠵᠢᠪᠡᠯ ᠵᠣᠬᠢᠨ᠎ᠠ᠃ ᠳᠤᠮᠳᠠᠳᠤ ᠤᠯᠤᠰ ᠥᠨᠳᠥᠷ ᠲᠦᠪᠰᠢᠨ ᠪᠦᠬᠦᠢ ᠨᠡᠭᠡᠭᠡᠯᠲᠡ ᠪᠠᠨ ᠥᠷᠭᠡᠳᠬᠡᠬᠦ ᠡᠷᠡᠰ ᠵᠣᠷᠢᠭ ᠡᠷᠡᠰ ᠭᠤᠶᠢᠪᠢᠰᠢ ᠦᠭᠡᠢ ᠪᠠᠶᠢᠵᠤ᠂ ᠳᠤᠷᠠᠲᠠᠶ᠎ᠠ ᠨᠡᠩ ᠣᠯᠠᠨ ᠭᠧᠷᠮᠠᠨ ᠤ ᠰᠢᠯᠢᠳᠡᠭ ᠦᠢᠯᠡᠳᠬᠦᠨ ᠢ ᠭᠠᠳᠠᠭᠠᠳᠤ ᠠᠴᠠ ᠣᠷᠣᠭᠤᠯᠵᠤ᠂ ᠭᠧᠷᠮᠠᠨ ᠵᠡᠷᠭᠡ ᠡᠯ᠎ᠡ ᠤᠯᠤᠰ ᠤᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠪᠡᠯᠡ ᠣᠷᠣᠭᠤᠯᠤᠨ ᠦᠢᠯᠡᠰ ᠪᠣᠰᠬᠠᠬᠤ ᠳᠤ ᠦᠷᠭᠦᠯᠵᠢᠯᠡᠨ ᠨᠡᠩ ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠠᠩᠭᠠᠨ᠎ᠠ᠃ ᠭᠧᠷᠮᠠᠨ ᠤ ᠲᠠᠯ᠎ᠠ ᠶᠢᠨ ᠬᠢᠨ ᠳᠡᠭᠡᠳᠦ ᠮᠡᠷᠭᠡᠵᠢᠯ ᠤᠨ ᠦᠢᠯᠡᠳᠬᠦᠨ ᠤ ᠳᠤᠮᠳᠠᠳᠤ ᠤᠯᠤᠰ ᠲᠤ ᠭᠠᠳᠠᠭᠠᠳᠤ ᠭᠠᠷᠭᠠᠬᠤ ᠬᠢᠵᠠᠭᠠᠷᠯᠠᠯ ᠢ ᠠᠭᠤᠵᠢᠭᠤ ᠲᠠᠯᠪᠢᠵᠤ᠂ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠭᠧᠷᠮᠠᠨ ᠳᠤᠮᠳᠠᠳᠤ ᠶᠢᠨ ᠪᠡᠯᠡ ᠶᠢᠨ ᠠᠵᠤ ᠠᠬᠤᠶᠢᠯᠠᠯ ᠳᠤ ᠡᠷᠬᠡ ᠲᠡᠭᠰᠢ᠂ ᠢᠯᠡ ᠲᠣᠳᠣ᠂ ᠭᠠᠳᠠᠭᠤᠷᠴᠢᠯᠠᠯ ᠦᠭᠡᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠬᠠᠩᠭᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠯᠢ ᠴᠢᠶᠠᠩ ᠴᠢᠬᠤᠯᠠᠴᠢᠯᠠᠭᠰᠠᠨ ᠨᠢ᠂ ᠵᠠᠬ᠎ᠠ ᠳᠡᠯᠭᠡᠭᠦᠷ ᠤᠨ ᠬᠠᠷᠠᠴᠠ ᠪᠣᠯᠤᠨ ᠪᠦᠬᠦ ᠪᠥᠮᠪᠥᠷᠴᠡᠭ ᠤᠨ ᠬᠠᠷᠠᠴᠠ ᠪᠠᠷ ᠠᠵᠤ ᠠᠬᠤᠢ ᠶᠢᠨ ᠵᠢᠮ᠎ᠡ ᠶᠣᠰᠣ ᠠᠴᠠ ᠡᠭᠦᠰᠴᠦ᠂ ᠦᠢᠯᠡᠳᠪᠦᠷᠢᠯᠡᠬᠦ ᠴᠢᠳᠠᠪᠤᠷᠢ ᠶᠢᠨ ᠠᠰᠠᠭᠤᠳᠠᠯ ᠳᠤ ᠪᠤᠰᠤᠳᠴᠢ᠂ ᠬᠤᠪᠢᠰᠤᠩᠭᠤᠢ ᠬᠠᠨᠳᠤᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠠᠷᠠᠴᠠ ᠪᠠᠷ ᠦᠵᠡᠪᠡᠯ᠂ ᠦᠢᠯᠡᠳᠪᠦᠷᠢᠯᠡᠬᠦ ᠴᠢᠳᠠᠪᠤᠷᠢ ᠶᠢᠨ ᠬᠡᠴᠢᠨᠡᠭᠡᠨ ᠨᠢ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠠᠴᠠ ᠲᠣᠭᠲᠠᠭᠠᠭᠳᠠᠭᠰᠠᠨ ᠪᠠᠶᠢᠵᠤ᠂ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠨᠢ ᠬᠠᠷᠢᠴᠠᠩᠭᠤᠢ ᠪᠠᠷ ᠬᠠᠷᠢᠴᠠᠩᠭᠤᠢ᠂ ᠲᠡᠩᠴᠡᠭᠦᠷᠢ ᠦᠭᠡᠢ ᠨᠢ ᠨᠡᠶᠢᠳᠡᠮ ᠪᠠᠶᠢᠵᠤ᠂ ᠵᠣᠬᠢᠬᠤ ᠬᠡᠮᠵᠢᠶᠡᠨ ᠤ ᠦᠢᠯᠡᠳᠪᠦᠷᠢᠯᠡᠯ ᠨᠢ ᠬᠡᠷᠡᠭᠴᠡᠭᠡ ᠠᠴᠠ ᠶᠡᠭᠡ ᠪᠣᠯ ᠭᠦᠢᠴᠡᠳ ᠥᠷᠢᠰᠥᠯᠳᠦᠬᠦ ᠪᠠ ᠰᠢᠯᠢᠳᠡᠭ ᠨᠢ ᠢᠯᠠᠵᠤ ᠰᠢᠭᠠᠷᠤ ᠨᠢ ᠰᠢᠭᠰᠢᠭᠳᠡᠬᠦ ᠳᠤ ᠠᠰᠢᠭᠲᠠᠢ᠃ ᠪᠦᠬᠦ ᠪᠥᠮᠪᠥᠷᠴᠡᠭ ᠤᠨ ᠬᠠᠷᠠᠭᠠᠰᠤ ᠠᠴᠠ ᠦᠵᠡᠪᠡᠯ᠂ ᠬᠠᠩᠭᠠᠯᠭ᠎ᠠ ᠪᠠ ᠬᠡᠷᠡᠭᠴᠡᠭᠡ ᠴᠥᠮ ᠪᠦᠬᠦ ᠪᠥᠮᠪᠥᠷᠴᠡᠭ ᠤᠨ ᠴᠢᠨᠠᠷᠲᠠᠢ ᠶᠤᠮ᠂ ᠠᠳᠠᠯᠢ ᠪᠤᠰᠤ ᠤᠯᠤᠰ ᠤᠨ ᠦᠢᠯᠡᠳᠪᠦᠷᠢᠯᠡᠯ ᠤᠨ ᠴᠢᠳᠠᠪᠤᠷᠢ ᠶᠢᠨ ᠥᠨᠳᠥᠷ ᠳᠣᠣᠷ᠎ᠠ ᠨᠢ ᠲᠤᠰ ᠲᠤᠰ ᠤᠨ ᠬᠠᠷᠢᠴᠠᠭᠤᠯᠤᠭᠰᠠᠨ ᠳᠠᠪᠠᠭᠤᠯᠢᠭ ᠠᠴᠠ ᠪᠠᠨ ᠲᠣᠭᠲᠠᠭᠠᠭᠳᠠᠭᠰᠠᠨ ᠶᠤᠮ᠂ ᠬᠠᠮᠲᠤᠷᠠᠯᠴᠠᠭ᠎ᠠ ᠪᠠᠨ ᠴᠢᠩᠭᠠᠳᠬᠠᠳᠠᠭ ᠯᠠ ᠶᠤᠮ ᠪᠣᠯ ᠬᠠᠮᠲᠤ ᠪᠠᠷ ᠬᠥᠭᠵᠢᠵᠦ ᠴᠢᠳᠠᠨ᠎ᠠ᠃ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠳᠠᠪᠠᠭᠤᠯᠢᠭ ᠢ ᠪᠣᠯ ᠵᠢᠩᠬᠢᠨᠢ ᠴᠢᠳᠠᠪᠤᠷᠢ ᠳᠤ ᠲᠦᠰᠢᠭᠯᠡᠨ ᠣᠯᠵᠤ᠂ ᠵᠠᠬ᠎ᠠ ᠳᠡᠯᠭᠡᠭᠦᠷ ᠤᠨ ᠭᠦᠢᠴᠡᠳ ᠥᠷᠢᠰᠥᠯᠳᠦᠭᠡᠨ ᠢᠶᠠᠷ ᠳᠠᠮᠵᠢᠨ ᠪᠦᠲᠦᠭᠡᠭᠰᠡᠨ ᠶᠤᠮ᠂ ᠬᠠᠷᠢᠨ ᠵᠠᠰᠠᠭ ᠤᠨ ᠣᠷᠳᠣᠨ ᠤ ᠨᠥᠬᠦᠪᠥᠷᠢ ᠳᠤ ᠲᠦᠰᠢᠭᠯᠡᠨ ᠪᠦᠷᠢᠯᠳᠦᠭᠰᠡᠨ ᠪᠢᠰᠢ ᠶᠤᠮ᠃ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠦᠷᠭᠦᠯᠵᠢᠯᠡᠨ ᠬᠠᠩᠭᠠᠭᠰᠠᠨ ᠴᠢᠨᠠᠷ ᠰᠠᠶᠢᠲᠠᠢ ᠦᠢᠯᠡᠳᠪᠦᠷᠢᠯᠡᠯ ᠤᠨ ᠴᠢᠳᠠᠪᠤᠷᠢ ᠨᠢ ᠪᠦᠬᠦ ᠪᠥᠮᠪᠥᠷᠴᠡᠭ ᠤᠨ ᠪᠣᠬᠢᠷᠲᠤᠯ ᠦᠭᠡᠢ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠬᠦ ᠪᠣᠯᠤᠨ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠭᠧᠷᠮᠠᠨ᠂ ᠧᠦ᠋ᠷᠣᠫᠠ ᠶᠢᠨ ᠲᠠᠯ᠎ᠠ ᠲᠠᠢ ᠬᠠᠮᠲᠤ ᠪᠠᠷ ᠡᠷᠬᠡ ᠲᠡᠭᠰᠢ ᠪᠠᠷ ᠥᠷᠢᠰᠥᠯᠳᠦᠬᠦ᠂ ᠨᠡᠭᠡᠭᠡᠯᠲᠡ ᠬᠢᠵᠦ ᠬᠠᠮᠲᠤᠷᠠᠯᠴᠠᠬᠤ ᠶᠢ ᠪᠠᠷᠢᠮᠲᠠᠯᠠᠨ᠎ᠠ᠃ ᠧᠦ᠋ᠷᠣᠫᠠ ᠶᠢᠨ ᠲᠠᠯ᠎ᠠ ᠵᠠᠬ᠎ᠠ ᠳᠡᠯᠭᠡᠭᠦᠷ ᠪᠣᠯᠤᠨ ᠡᠷᠬᠡ ᠲᠡᠭᠰᠢ ᠵᠠᠷᠴᠢᠮ ᠢ ᠪᠠᠷᠢᠮᠲᠠᠯᠠᠨ ᠠᠷᠠᠯᠵᠢᠶᠠᠨ ᠤ ᠲᠡᠳᠬᠦᠮᠵᠢ ᠶᠢᠨ ᠠᠷᠭ᠎ᠠ ᠬᠡᠮᠵᠢᠶ᠎ᠡ ᠶᠢ ᠪᠣᠯᠭᠤᠮᠵᠢᠲᠠᠢ ᠬᠡᠷᠡᠭᠯᠡᠬᠦ ᠶᠢ ᠬᠦᠰᠡᠨ᠎ᠡ᠃      ᠱᠦᠸᠧᠷᠼᠢ᠂ ᠳᠤᠮᠳᠠᠳᠤ ᠤᠯᠤᠰ ᠪᠣᠯ ᠭᠧᠷᠮᠠᠨ ᠤ ᠴᠢᠬᠤᠯᠠ ᠬᠠᠮᠲᠤᠷᠠᠯᠴᠠᠭᠠᠨ ᠤ ᠬᠠᠨᠢᠲᠠᠨ ᠮᠥᠨ᠃ ᠭᠧᠷᠮᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤ ᠪᠠᠷ ᠡᠯ᠎ᠡ ᠱᠠᠲᠤ ᠳᠠᠪᠬᠤᠷᠭ᠎ᠠ ᠶᠢᠨ ᠶᠠᠷᠢᠯᠴᠠᠭ᠎ᠠ ᠣᠯᠤᠯᠴᠠᠭ᠎ᠠ ᠪᠠᠨ ᠴᠢᠩᠭᠠᠳᠬᠠᠵᠤ᠂ ᠮᠥᠩᠭᠦᠨ ᠭᠦᠢᠯᠭᠡᠭᠡ᠂ ᠬᠥᠳᠡᠭᠡ ᠠᠵᠤ ᠠᠬᠤᠢ᠂ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ᠂ ᠳᠠᠬᠢᠨ ᠡᠭᠦᠰᠴᠦ ᠪᠣᠯᠬᠤ ᠡᠨᠧᠷᠭᠢ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠣᠶᠣᠯ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ ᠪᠣᠯᠤᠨ ᠠᠷᠠᠳ ᠤᠨ ᠬᠤᠭᠤᠷᠣᠨᠳᠣᠬᠢ ᠰᠣᠯᠢᠯᠴᠠᠭ᠎ᠠ ᠶᠢ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠢ ᠬᠠᠮᠲᠤ ᠪᠠᠷ ᠠᠷᠭᠠᠴᠠᠭᠠᠵᠤ᠂ ᠭᠧᠷᠮᠠᠨ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠣᠯᠬᠤ ᠶᠢ ᠠᠬᠢᠭᠤᠯᠤᠨ᠎ᠠ ᠭᠡᠵᠦ ᠢᠯᠡᠳᠬᠡᠪᠡ᠃ ᠭᠧᠷᠮᠠᠨ ᠤ ᠬᠢᠨ ᠬᠢᠯᠢ ᠪᠠᠷ ᠣᠷᠣᠵᠤ ᠢᠷᠡᠬᠦ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠳᠤ ᠳᠤᠮᠳᠠᠳᠤ ᠶᠢᠨ ᠲᠠᠯ᠎ᠠ ᠶᠢᠨ ᠬᠢᠨ ᠲᠠᠯᠠᠷᠬᠠᠵᠤ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠤᠨ ᠠᠷᠠᠳ ᠢᠷᠭᠡᠨ ᠤ ᠭᠧᠷᠮᠠᠨ ᠳᠤ ᠬᠦᠷᠬᠦ ᠳᠤ ᠨᠡᠩ ᠣᠯᠠᠨ ᠳᠥᠭᠦᠮ ᠦᠵᠡᠭᠦᠯᠦᠨ᠎ᠡ᠃ ᠭᠧᠷᠮᠠᠨ ᠤ ᠲᠠᠯ᠎ᠠ ᠶᠢᠨ ᠬᠢᠨ ︽ᠬᠠᠷᠢᠴᠠᠭ᠎ᠠ ᠪᠠᠨ ᠲᠠᠰᠤᠯᠬᠤ︾ ᠶᠢ ᠡᠰᠡᠷᠭᠦᠴᠡᠵᠦ᠂ ᠠᠷᠠᠯᠵᠢᠶᠠᠨ ᠤ ᠬᠠᠮᠠᠭᠠᠯᠠᠬᠤ ᠦᠵᠡᠯ ᠢ ᠡᠰᠡᠷᠭᠦᠴᠡᠨ᠎ᠡ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤ ᠪᠠᠷ ᠡᠷᠬᠡ ᠲᠡᠭᠰᠢ ᠪᠠᠷ ᠥᠷᠢᠰᠥᠯᠳᠦᠬᠦ ᠣᠷᠴᠢᠨ ᠨᠥᠬᠦᠴᠡᠯ ᠢ ᠴᠢᠷᠮᠠᠶᠢᠨ ᠪᠣᠢ ᠪᠣᠯᠭᠠᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠥᠷᠭᠡᠳᠬᠡᠨ᠎ᠡ᠃    ᠬᠤᠶᠠᠷ ᠤᠯᠤᠰ ᠤᠨ ᠶᠡᠷᠦᠩᠬᠡᠢ ᠰᠠᠶᠢᠳ ᠳᠣᠯᠣᠳᠤᠭᠠᠷ ᠡᠭᠡᠯᠵᠢ ᠶᠢᠨ ᠳᠤᠮᠳᠠᠳᠤ ᠭᠧᠷᠮᠠᠨ ᠤ ᠵᠠᠰᠠᠭ ᠤᠨ ᠣᠷᠳᠣᠨ ᠤ ᠵᠥᠪᠳᠡᠯᠴᠡᠭᠡ᠂ ᠭᠤᠷᠪᠠᠳᠤᠭᠠᠷ ᠤᠳᠠᠭᠠᠨ ᠤ ᠳᠤᠮᠳᠠᠳᠤ ᠭᠧᠷᠮᠠᠨ ᠤ ᠳᠡᠭᠡᠳᠦ ᠳᠡᠰ ᠤᠨ ᠡᠳ᠋ ᠤᠨ ᠵᠠᠰᠠᠭ ᠠᠯᠲᠠᠨ ᠤ ᠶᠠᠷᠢᠯᠴᠠᠭᠠᠨ ᠤ ᠦᠷ᠎ᠡ ᠪᠦᠲᠦᠭᠡᠯ ᠢ ᠰᠠᠶᠢᠲᠤᠷ ᠨᠠᠶᠢᠳᠠᠪᠤᠷᠢᠵᠢᠭᠤᠯᠬᠤ ᠶᠢ ᠰᠠᠨᠠᠯ ᠨᠢᠭᠡᠲᠡᠢ ᠵᠥᠪᠰᠢᠶᠡᠷᠡᠵᠦ᠂ ᠳᠤᠮᠳᠠᠳᠤ ᠭᠧᠷᠮᠠᠨ ᠤ ᠠᠭᠤᠷ ᠠᠮᠢᠰᠬᠤᠯ ᠤᠨ ᠬᠤᠪᠢᠷᠠᠯᠲᠠ ᠪᠣᠯᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠳᠡᠭᠡᠳᠦ ᠳᠡᠰ ᠤᠨ ᠶᠠᠷᠢᠯᠴᠠᠭ᠎ᠠ᠂ ᠰᠢᠨ᠎ᠡ ᠨᠢᠭᠡ ᠬᠤᠭᠤᠴᠠᠭᠠᠨ ᠤ ᠳᠤᠮᠳᠠᠳᠤ ᠭᠧᠷᠮᠠᠨ ᠤ ᠳᠡᠭᠡᠳᠦ ᠳᠡᠰ ᠤᠨ ᠠᠮᠤᠷ ᠲᠦᠪᠰᠢᠨ ᠤ ᠶᠠᠷᠢᠯᠴᠠᠭ᠎ᠠ᠂ ᠳᠤᠮᠳᠠᠳᠤ ᠭᠧᠷᠮᠠᠨ ᠤ ᠰᠢᠨᠵᠢᠯᠡᠬᠦ ᠤᠬᠠᠭᠠᠨ ᠲᠧᠬᠨᠢᠭ᠋ ᠮᠡᠷᠭᠡᠵᠢᠯ ᠤᠨ ᠬᠠᠮᠲᠤᠷᠠᠯᠴᠠᠭᠠᠨ ᠤ ᠬᠤᠯᠪᠣᠭᠠᠲᠤ ᠬᠤᠷᠠᠯ ᠤᠨ 26 ᠳ᠋ᠤᠭᠠᠷ ᠤᠳᠠᠭ᠎ᠠ ᠶᠢᠨ ᠲᠣᠭᠲᠠᠴᠠ ᠶᠢᠨ ᠴᠢᠨᠠᠷᠲᠠᠢ ᠶᠠᠷᠢᠯᠴᠠᠭ᠎ᠠ ᠶᠢ ᠰᠠᠶᠢᠲᠤᠷ ᠡᠷᠬᠢᠯᠡᠵᠦ᠂ ᠳᠠᠷᠠᠭᠠᠴᠢ ᠶᠢᠨ ᠡᠭᠡᠯᠵᠢ ᠶᠢᠨ ᠵᠠᠰᠠᠭ ᠤᠨ ᠣᠷᠳᠣᠨ ᠤ ᠵᠥᠪᠳᠡᠯᠴᠡᠭᠡ ᠳᠤ ᠰᠠᠶᠢᠲᠤᠷ ᠪᠡᠯᠡᠳᠬᠡᠯ ᠬᠢᠵᠦ᠂ ᠠᠵᠤ ᠠᠬᠤᠢ ᠠᠷᠠᠯᠵᠢᠶ᠎ᠠ᠂ ᠪᠡᠯᠡ ᠣᠷᠣᠭᠤᠯᠤᠯᠲᠠ᠂ ᠰᠢᠨᠵᠢᠯᠡᠬᠦ ᠤᠬᠠᠭᠠᠨ ᠲᠧᠬᠨᠢᠭ᠋ ᠮᠡᠷᠭᠡᠵᠢᠯ᠂ ᠠᠵᠤ ᠦᠢᠯᠡᠰ᠂ ᠰᠣᠶᠣᠯ ᠢᠷᠭᠡᠨᠰᠢᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠦᠨ᠎ᠡ᠃    ᠬᠡᠯᠡᠯᠴᠡᠭᠡ ᠠᠴᠠ ᠳᠠᠷᠠᠭᠠᠪᠠᠷ ᠬᠤᠶᠠᠷ ᠤᠯᠤᠰ ᠤᠨ ᠶᠡᠷᠦᠩᠬᠡᠢ ᠰᠠᠶᠢᠳ ᠳᠤᠮᠳᠠᠳᠤ ᠬᠧᠷᠮᠠᠨ ᠤ ᠠᠵᠤ ᠠᠬᠤᠢ ᠶᠢᠨ ᠵᠦᠪᠯᠠᠯ ᠤᠨ ᠶᠠᠷᠢᠯᠴᠠᠬᠤ ᠬᠤᠷᠠᠯ ᠳᠤ ᠬᠠᠮᠲᠤ ᠪᠠᠷ ᠣᠷᠣᠯᠴᠠᠵᠤ᠂ ᠠᠦ᠋ᠲ᠋ᠣ᠋ ᠰᠦᠯᠵᠢᠶᠠᠨ ᠤ ᠬᠤᠯᠪᠣᠭ᠎ᠠ ᠲᠠᠢ ᠵᠢᠯᠣᠭᠤᠲᠣᠬᠴᠢ᠂ ᠡᠷᠭᠢᠯᠲᠡ ᠠᠵᠤ ᠠᠬᠤᠢ᠂ ᠭᠠᠯᠵᠠᠭᠤ ᠡᠷᠦᠬᠡ ᠶᠢ ᠰᠡᠷᠭᠡᠶᠢᠯᠡᠨ ᠬᠢᠵᠠᠭᠠᠷᠯᠠᠬᠤ᠂ ᠰᠢᠨ᠎ᠡ ᠰᠣᠷᠭᠤᠭ ᠠᠯᠮᠤᠷᠠᠳ ᠤᠨ ᠳᠤᠮᠳᠠᠳᠤ ᠤᠯᠤᠰ ᠲᠤ ᠬᠦᠢᠷᠭᠡᠭᠦ ᠬᠢᠵᠢᠭ ᠤᠨ ᠪᠠᠶᠢᠴᠠᠭᠠᠯᠲᠠ ᠵᠡᠷᠭᠡ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠣᠢᠰᠤᠭ ᠵᠢᠷᠤᠵᠤ᠂ ᠬᠠᠮᠲᠤ ᠪᠠᠷ ᠰᠣᠷᠪᠣᠯᠵᠢᠯᠠᠭᠴᠢᠳ ᠲᠠᠢ ᠠᠭᠤᠯᠵᠠᠪᠠ᠃    ᠬᠡᠯᠡᠯᠴᠡᠭᠡ ᠠᠴᠠ ᠡᠮᠦᠨ᠎ᠡ᠂ ᠯᠢ ᠴᠢᠶᠠᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡ ᠶᠢᠨ ᠭᠠᠳᠠᠨᠠᠬᠢ ᠠᠭᠤᠳᠠᠮ ᠲᠠᠯᠠᠪᠠᠢ ᠳᠤ ᠱᠦᠸᠧᠷᠼᠢ ᠶᠢ ᠤᠭᠲᠤᠬᠤ ᠶᠣᠰᠣᠯᠠᠯ ᠶᠠᠪᠤᠭᠤᠯᠪᠠ᠃    ᠡᠦ ᠵᠧᠩ ᠯᠦᠩ ᠳᠡᠭᠡᠷᠡᠬᠢ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号