ᠯᠢ ᠴᠢᠶᠠᠩ ᠪᠣᠯᠤᠨ ᠭᠧᠷᠮᠠᠨ ᠤ ᠶᠡᠷᠦᠩᠬᠡᠢ ᠰᠠᠶᠢᠳ ᠱᠦᠸᠧᠷᠼᠢ ᠬᠠᠮᠲᠤ ᠪᠠᠷ ᠳᠤᠮᠳᠠᠳᠤ ᠭᠧᠷᠮᠠᠨ ᠤ ᠠᠵᠤ ᠠᠬᠤᠢ ᠶᠢᠨ ᠵᠥᠪᠯᠡᠭᠴᠢ ᠶᠢᠨ ᠵᠥᠪᠯᠡᠯ ᠤᠨ ᠶᠠᠷᠢᠯᠴᠠᠬᠤ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/4/17
    ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ ᠳᠦᠷᠤ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠰᠠᠷ᠎ᠠ ᠶᠢᠨ 16 ᠤ ᠡᠳᠦᠷ ᠤᠨ ᠣᠢᠲᠠ ᠶᠢᠨ ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠪᠣᠯᠤᠨ ᠬᠧᠷᠮᠠᠨ ᠤ ᠶᠡᠷᠦᠩᠬᠡᠢ ᠰᠠᠶᠢᠳ ᠱᠦᠸᠧᠷᠼᠢ ᠬᠠᠮᠲᠤ ᠪᠠᠷ ᠳᠤᠮᠳᠠᠳᠤ ᠬᠧᠷᠮᠠᠨ ᠤ ᠠᠵᠤ ᠠᠬᠤᠢ ᠶᠢᠨ ᠵᠥᠪᠯᠡᠭᠴᠢ ᠶᠢᠨ ᠵᠦᠪᠯᠠᠯ ᠤᠨ ᠶᠠᠷᠢᠯᠴᠠᠬᠤ ᠬᠤᠷᠠᠯ ᠳᠤ ᠣᠷᠣᠯᠴᠠᠵᠤ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯᠲᠠᠳ ᠲᠠᠢ ᠰᠣᠯᠢᠯᠴᠠᠭ᠎ᠠ ᠬᠢᠪᠡ᠃  ᠳᠤᠮᠳᠠᠳᠤ ᠭᠧᠷᠮᠠᠨ ᠬᠤᠶᠠᠷ ᠤᠯᠤᠰ ᠤᠨ 20 ᠭᠠᠷᠤᠢ ᠠᠵᠤ ᠠᠬᠤᠶᠢᠯᠠᠯᠲᠠᠨ ᠣᠷᠣᠯᠴᠠᠪᠠ᠃
671.jpg
    ᠯᠢ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠤᠯᠤᠰ ᠪᠣᠯ ᠬᠠᠮᠤᠭ ᠤᠨ ᠶᠡᠭᠡ ᠬᠥᠭᠵᠢᠵᠦ ᠪᠠᠶᠢᠭ᠎ᠠ ᠤᠯᠤᠰ ᠮᠥᠨ᠂ ᠭᠧᠷᠮᠠᠨ ᠪᠣᠯ ᠧᠦ᠋ᠷᠣᠫᠠ ᠲᠢᠪ ᠤᠨ ᠬᠠᠮᠤᠭ ᠤᠨ ᠶᠡᠭᠡ ᠠᠵᠤ ᠠᠬᠤᠢ ᠶᠢᠨ ᠴᠣᠭᠴᠠ ᠮᠥᠨ᠂ ᠬᠤᠶᠠᠷ ᠤᠯᠤᠰ ᠤᠨ ᠬᠥᠭᠵᠢᠯᠲᠡ ᠨᠢ ᠬᠠᠷᠢᠯᠴᠠᠨ ᠴᠢᠬᠤᠯᠠ ᠠᠵᠠ ᠲᠣᠬᠢᠶᠠᠯ ᠮᠥᠨ᠃ ᠳᠤᠮᠳᠠᠳᠤ ᠶᠢᠨ ᠲᠠᠯ᠎ᠠ ᠳᠤᠷᠠᠲᠠᠶ᠎ᠠ ᠭᠧᠷᠮᠠᠨ ᠤ ᠲᠠᠯ᠎ᠠ ᠲᠠᠢ ᠬᠠᠮᠲᠤ ᠪᠠᠷ᠂ ᠬᠤᠶᠠᠷ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠬᠡᠪᠴᠢᠶ᠎ᠡ ᠶᠢ ᠨᠡᠩ ᠶᠡᠭᠡ᠂ ᠨᠡᠩ ᠰᠢᠯᠢᠳᠡᠭ᠂ ᠨᠡᠩ ᠬᠦᠴᠦᠷᠬᠡᠭ ᠪᠣᠯᠭᠠᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠠᠰᠢᠭ ᠬᠦᠷᠲᠡᠭᠡᠨ᠎ᠡ ᠭᠡᠵᠦ ᠵᠢᠭᠠᠵᠤ ᠭᠠᠷᠭᠠᠪᠠ᠃ ᠬᠤᠶᠠᠷ ᠲᠠᠯ᠎ᠠ ᠪᠠᠷ ᠢᠶᠠᠨ ᠬᠠᠮᠲᠤ ᠪᠠᠷ ᠴᠢᠷᠮᠠᠶᠢᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠰᠠᠶᠢᠨ ᠰᠠᠶᠢᠬᠠᠨ ᠤᠯᠠᠮᠵᠢᠯᠠᠯ ᠢᠶᠠᠨ ᠦᠷᠭᠦᠯᠵᠢᠯᠡᠭᠦᠯᠵᠦ᠂ ᠬᠠᠷᠢᠯᠴᠠᠨ ᠴᠢᠬᠤᠯᠠ ᠬᠠᠮᠲᠤᠷᠠᠯᠴᠠᠭᠠᠨ ᠤ ᠬᠠᠨᠢᠲᠠᠨ ᠪᠣᠯᠬᠤ ᠶᠢ ᠪᠠᠷᠢᠮᠲᠠᠯᠠᠨ᠎ᠠ᠂ ᠬᠠᠷᠢᠨ ᠡᠰᠡᠷᠭᠦ ᠡᠲᠡᠭᠡᠳ ᠪᠢᠰᠢ ᠶᠤᠮ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠢᠮᠠᠭᠲᠠ ᠬᠤᠶᠠᠷ ᠤᠯᠤᠰ ᠤᠨ ᠬᠠᠷᠢᠯᠴᠠᠭᠠᠨ ᠤ ᠭᠤᠣᠯ ᠤᠷᠤᠰᠬᠠᠯ ᠪᠣᠯᠭᠠᠨ᠎ᠠ᠃ ᠬᠠᠮᠠᠭᠠᠯᠠᠬᠤ ᠦᠵᠡᠯ ᠤᠨ ︽ᠬᠦᠯᠡᠮᠵᠢ︾ ᠨᠢ ᠵᠢᠩᠬᠢᠨᠢ ᠥᠷᠢᠰᠥᠯᠳᠦᠬᠦ ᠬᠦᠴᠦᠨ ᠦᠭᠡᠢ ᠠᠵᠤ ᠠᠬᠤᠶᠢᠯᠠᠯ ᠢ ᠪᠤᠶᠢᠵᠢᠭᠤᠯᠵᠤ ᠴᠢᠳᠠᠬᠤ ᠶᠤᠮ᠃ ᠬᠤᠶᠠᠷ ᠲᠠᠯ᠎ᠠ ᠪᠠᠷ ᠢᠶᠠᠨ ᠨᠡᠭᠡᠭᠡᠯᠲᠡᠲᠦ ᠡᠷᠬᠡ ᠲᠡᠭᠰᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠠᠮᠠᠭᠠᠯᠠᠵᠤ᠂ ᠨᠡᠭᠡᠭᠡᠯᠲᠡᠲᠦ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠦᠢᠯᠡᠳᠦᠯᠭᠡᠵᠢᠭᠦᠯᠵᠦ᠂ ᠡᠷᠬᠡ ᠲᠡᠭᠰᠢ ᠪᠠᠷ ᠥᠷᠢᠰᠥᠯᠳᠦᠬᠦ ᠣᠷᠴᠢᠨ ᠲᠣᠭᠤᠷᠢᠨ ᠢ ᠴᠢᠷᠮᠠᠶᠢᠨ ᠬᠠᠮᠠᠭᠠᠯᠠᠶ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠬᠠᠮᠲᠤᠷᠠᠯᠴᠠᠭᠠᠨ ᠤ ᠣᠷᠣᠨ ᠵᠠᠢ ᠶᠢ ᠥᠷᠭᠡᠳᠬᠡᠵᠦ᠂ ᠬᠤᠶᠠᠷ ᠤᠯᠤᠰ ᠤᠨ ᠠᠵᠤ ᠠᠬᠤᠶᠢᠯᠠᠯ ᠠᠵᠤ ᠦᠢᠯᠡᠰ ᠪᠣᠯᠤᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠰᠢᠨ᠎ᠡ ᠨᠡᠮᠡᠭᠳᠡᠯ ᠤᠨ ᠴᠡᠭ ᠢ ᠲᠠᠰᠤᠷᠠᠯᠳᠠ ᠦᠭᠡᠢ ᠪᠤᠶᠢᠵᠢᠭᠤᠯᠵᠤ᠂ ᠨᠡᠩ ᠶᠡᠭᠡ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ ᠳᠤᠮᠳᠠᠳᠤ ᠤᠯᠤᠰ ᠤᠨ ᠵᠠᠰᠠᠭ ᠤᠨ ᠣᠷᠳᠣᠨ ᠳᠤᠷᠠᠲᠠᠶ᠎ᠠ ᠭᠧᠷᠮᠠᠨ ᠤ ᠵᠠᠰᠠᠭ ᠤᠨ ᠣᠷᠳᠣᠨ ᠲᠠᠢ ᠬᠠᠮᠲᠤ ᠪᠠᠷ ᠨᠡᠩ ᠣᠯᠠᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠵᠤ᠂ ᠬᠤᠶᠠᠷ ᠲᠠᠯ᠎ᠠ ᠶᠢᠨ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠨᠡᠩ ᠤᠷᠤᠭᠰᠢᠲᠠᠢ ᠂ ᠥᠨᠳᠥᠷ ᠪᠦᠲᠦᠮᠵᠢᠲᠡᠢ ᠪᠣᠯᠭᠠᠵᠤ᠂ ᠬᠤᠶᠠᠷ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢᠨ ᠦᠷᠭᠦᠯᠵᠢᠯᠡᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃    ᠯᠢ ᠴᠢᠶᠠᠩ᠂ ᠣᠳᠣᠬᠠᠨ ᠳᠤ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠰᠠᠶᠢᠵᠢᠷᠠᠬᠤ ᠬᠠᠨᠳᠤᠰᠢ ᠲᠠᠰᠤᠷᠠᠯᠲᠠ ᠦᠭᠡᠶ ᠳᠡᠭᠡᠭᠰᠢᠯᠡᠵᠦ ᠪᠠᠶᠢᠨ᠎ᠠ᠃ ᠳᠤᠮᠳᠠᠳᠤ ᠤᠯᠤᠰ ᠤᠨ ᠥᠨᠳᠥᠷ ᠲᠦᠪᠰᠢᠨ ᠪᠦᠬᠦᠢ ᠨᠡᠭᠡᠭᠡᠯᠲᠡ ᠪᠠᠨ ᠥᠷᠭᠡᠳᠬᠡᠬᠦ ᠡᠷᠴᠢ ᠵᠣᠷᠢᠭ ᠬᠤᠪᠢᠷᠠᠬᠤ ᠦᠭᠡᠢ᠂ ᠠᠯᠬᠤᠭ᠎ᠠ ᠵᠣᠭᠰᠣᠬᠤ ᠦᠭᠡᠢ ᠶᠤᠮ᠂ ᠭᠠᠳᠠᠭᠠᠳᠤ ᠪᠡᠯᠡ ᠶᠢᠨ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠦᠷᠭᠦᠯᠵᠢᠯᠡᠨ ᠪᠠᠭᠠᠰᠬᠠᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠠᠷᠠᠳ ᠢᠷᠭᠡᠳ ᠤᠨ ᠬᠠᠷᠠᠭᠠᠯᠵᠠᠯ ᠢ ᠰᠠᠶᠢᠲᠤᠷ ᠨᠠᠶᠢᠳᠠᠪᠤᠷᠢᠵᠢᠭᠤᠯᠤᠨ᠎ᠠ᠃ ᠪᠢᠳᠡ ᠶᠠᠭ ᠳ᠋ᠠᠶᠢᠲ᠋ᠠ ᠶᠢᠨ ᠬᠢᠯᠢ ᠠᠯᠤᠰᠯᠠᠨ ᠰᠢᠯᠵᠢᠬᠦ ᠵᠡᠷᠭᠡ ᠲᠠᠯ᠎ᠠ ᠶᠢᠨ ᠲᠣᠬᠢᠷᠠᠭᠤᠯᠤᠯᠲᠠ ᠶᠢ ᠲᠠᠰᠤᠷᠠᠯᠲᠠ ᠦᠭᠡᠢ ᠲᠣᠬᠢᠷᠠᠭᠤᠯᠤᠨ ᠰᠢᠯᠢᠳᠡᠭᠵᠢᠭᠦᠯᠵᠦ ᠪᠠᠶᠢᠭ᠎ᠠ ᠪᠣᠯᠬᠤᠷ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠰᠠᠨᠠᠯ ᠢ ᠦᠷᠭᠦᠯᠵᠢᠯᠡᠨ ᠪᠠᠶᠢᠩᠭᠤᠵᠢᠭᠤᠯᠤᠨ ᠰᠣᠨᠣᠰᠴᠤ᠂ ᠠᠵᠤ ᠠᠬᠤᠶᠢᠯᠠᠯ ᠤᠨ ᠵᠦᠢ ᠵᠣᠬᠢᠰᠲᠠᠢ ᠬᠦᠰᠡᠯ ᠱᠠᠭᠠᠷᠳᠠᠯᠭ᠎ᠠ ᠳᠤ ᠢᠳᠡᠪᠬᠢᠲᠡᠢ ᠪᠠᠷ ᠬᠠᠷᠢᠭᠤᠯᠲᠠ ᠥᠭᠭᠦᠨ᠎ᠡ᠃ ᠳᠤᠮᠳᠠᠳᠤ ᠤᠯᠤᠰ ᠦᠷᠭᠦᠯᠵᠢᠯᠡᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠂ ᠭᠧᠷᠮᠠᠨ ᠤ ᠠᠵᠤ ᠠᠬᠤᠶᠢᠯᠠᠯ ᠢ ᠪᠠᠭᠲᠠᠭᠠᠭᠰᠠᠨ ᠨᠡᠩ ᠣᠯᠠᠨ ᠭᠠᠳᠠᠭᠠᠳᠤ ᠶᠢᠨ ᠠᠵᠤ ᠠᠬᠤᠶᠢᠯᠠᠯ ᠢ ᠳᠤᠷᠠᠲᠠᠶ᠎ᠠ ᠢᠷᠡᠭᠦᠯᠵᠦ᠂ ᠦᠯᠡᠳᠡᠭᠡᠵᠦ᠂ ᠰᠠᠶᠢᠲᠤᠷ ᠬᠥᠭᠵᠢᠭᠦᠯᠦᠨ᠎ᠡ᠃ ᠬᠤᠶᠠᠷ ᠤᠯᠤᠰ ᠤᠨ ᠠᠵᠤ ᠠᠬᠤᠶᠢᠯᠠᠯᠲᠠᠳ ᠳᠤᠮᠳᠠᠳᠤ ᠭᠧᠷᠮᠠᠨ ᠤ ᠬᠠᠮᠲᠤᠷᠠᠯᠴᠠᠭᠠᠨ ᠤ ᠠᠬᠢᠭᠤᠯᠤᠭᠴᠢ ᠪᠣᠯᠬᠤ ᠶᠢᠨ ᠬᠠᠮᠲᠤ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠬᠤᠶᠠᠷ ᠤᠯᠤᠰ ᠤᠨ ᠣᠶᠢᠯᠠᠭᠠᠯᠴᠠᠭ᠎ᠠ ᠪᠠ ᠢᠲᠡᠭᠡᠯ ᠢ ᠨᠡᠮᠡᠭᠳᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠱᠦᠸᠧᠷᠼᠢ᠂ ᠳᠤᠮᠳᠠᠳᠤ ᠤᠯᠤᠰ ᠪᠣᠯ ᠭᠧᠷᠮᠠᠨ ᠤ ᠬᠠᠮᠤᠭ ᠤᠨ ᠴᠢᠬᠤᠯᠠ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠬᠠᠨᠢᠲᠠᠨ ᠮᠥᠨ᠂ ᠬᠤᠶᠠᠷ ᠤᠯᠤᠰ ᠤᠨ ᠠᠵᠤ ᠠᠬᠤᠢ ᠠᠷᠠᠯᠵᠢᠶᠠᠨ ᠤ ᠬᠠᠷᠢᠯᠴᠠᠭ᠎ᠠ ᠨᠢᠭᠲᠠ ᠪᠠᠶᠢᠵᠤ᠂ ᠬᠤᠶᠠᠷ ᠲᠠᠯ᠎ᠠ ᠪᠠᠷ ᠢᠶᠠᠨ ᠴᠥᠮ ᠡᠭᠦᠨ ᠤ ᠳᠤᠮᠳᠠ ᠠᠴᠠ ᠠᠰᠢᠭ ᠬᠦᠷᠲᠡᠪᠡ᠃ ᠭᠧᠷᠮᠠᠨ ᠤ ᠬᠢᠨ ᠭᠧᠷᠮᠠᠨ ᠳᠤᠮᠳᠠᠳᠤ ᠶᠢᠨ ᠠᠵᠤ ᠠᠬᠤᠢ ᠠᠷᠠᠯᠵᠢᠶᠠᠨ ᠤ ᠬᠠᠷᠢᠯᠴᠠᠭ᠎ᠠ ᠶᠢ ᠬᠠᠮᠠᠭᠠᠯᠠᠨ ᠬᠥᠭᠵᠢᠭᠦᠯᠬᠦ ᠶᠢ ᠴᠢᠬᠤᠯᠠᠴᠢᠯᠠᠵᠤ᠂ ︽ᠬᠠᠷᠢᠴᠠᠭ᠎ᠠ ᠪᠠᠨ ᠲᠠᠰᠤᠯᠬᠤ︾ ᠶᠢ ᠡᠰᠡᠷᠭᠦᠴᠡᠨ᠎ᠡ᠂ ᠬᠤᠸᠠᠳᠧ ᠳᠤᠮᠳᠠᠳᠤ ᠤᠯᠤᠰ ᠤᠨ ᠠᠵᠤ ᠠᠬᠤᠢ ᠠᠷᠠᠯᠵᠢᠶᠠᠨ ᠤ ᠰᠣᠯᠢᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠬᠡᠬᠦ ᠪᠣᠯᠤᠨ᠎ᠠ᠃ ᠭᠧᠷᠮᠠᠨ ᠳᠤ ᠳᠤᠮᠳᠠᠳᠤ ᠤᠯᠤᠰ ᠤᠨ ᠠᠵᠤ ᠠᠬᠤᠶᠢᠯᠠᠯ ᠤᠨ ᠭᠧᠷᠮᠠᠨ ᠳᠤ ᠪᠡᠯᠡ ᠣᠷᠣᠭᠤᠯᠬᠤ ᠶᠢ ᠪᠠᠶᠠᠷᠯᠠᠨ ᠤᠭᠲᠤᠨ᠎ᠠ᠃    ᠡᠦ ᠵᠧᠩ ᠯᠦᠩ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号