︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠢᠰᠫᠠᠨᠢ ᠬᠡᠯᠡᠨ ᠤ ᠬᠡᠪᠯᠡᠯ ᠤᠨ ᠤᠩᠰᠢᠨ ᠬᠤᠪᠢᠶᠠᠯᠴᠠᠬᠤ ᠬᠤᠷᠠᠯ ᠠᠷᠭᠧᠨ᠋ᠲ᠋ᠢᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/4/17
   ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠢᠰᠫᠠᠨᠢ ᠬᠡᠯᠡᠨ ᠤ ᠬᠡᠪᠯᠡᠯ ᠬᠡᠪᠯᠡᠭᠳᠡᠭᠰᠡᠨ 10 ᠵᠢᠯ ᠤᠨ ᠤᠢ ᠶᠢᠨ ᠲᠠᠰᠢᠷᠠᠮ ᠢᠶᠠᠷ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠢᠰᠫᠠᠨᠢ ᠬᠡᠯᠡᠨ ᠤ ᠬᠡᠪᠯᠡᠯ ᠤᠨ ᠤᠩᠰᠢᠨ ᠬᠤᠪᠢᠶᠠᠯᠴᠠᠬᠤ ᠬᠤᠷᠠᠯ 15 ᠤ ᠡᠳᠦᠷ ᠠᠷᠭᠧᠨ᠋ᠲ᠋ᠢᠨ ᠤ ᠨᠡᠶᠢᠰᠯᠡᠯ ᠪᠦᠶᠧᠨᠤᠰ ᠠᠶᠢᠷᠧᠰ ᠲᠤ ᠶᠠᠪᠤᠭᠳᠠᠪᠠ᠃     ᠠᠷᠭᠧᠨ᠋ᠲ᠋ᠢᠨ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠸᠠᠩ ᠸᠧᠢ ᠠᠵᠢᠯᠯᠠᠭ᠎ᠠ ᠳᠡᠭᠡᠷ᠎ᠡ ᠪᠠᠶᠠᠷ ᠤᠨ ᠦᠭᠡ ᠬᠡᠯᠡᠬᠦ ᠳᠡᠭᠡᠨ᠂ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠳᠤᠷᠢᠳᠬᠤ ᠬᠥᠮᠦᠰ ᠤᠨ ᠲᠦᠷᠦ ᠶᠢ ᠵᠠᠰᠠᠬᠤ ᠣᠶᠢᠯᠠᠭᠠᠭᠳᠠᠬᠤᠨ ᠪᠣᠯᠤᠨ ᠲᠦᠷᠦ ᠪᠠᠷᠢᠬᠤ ᠠᠷᠭ᠎ᠠ ᠪᠤᠳᠤᠯᠭ᠎ᠠ ᠶᠢ  ᠰᠢᠸ᠋ᠲ᠋ᠧᠮ ᠲᠠᠢ ᠳᠡᠯᠭᠡᠨ ᠦᠵᠡᠭᠦᠯᠵᠦ᠂ ᠤᠩᠰᠢᠭᠴᠢᠳ ᠡᠭᠦᠨ ᠠᠴᠠ ᠠᠷᠠᠳ ᠲᠦᠮᠡᠨ ᠢᠶᠠᠷ ᠭᠤᠣᠯ ᠪᠣᠯᠭᠠᠭᠰᠠᠨ ᠲᠦᠷᠦ ᠪᠠᠷᠢᠭᠴᠢ ᠨᠠᠮ ᠬᠡᠷᠬᠢᠨ ᠤᠯᠤᠰ ᠢᠶᠠᠨ ᠬᠥᠭᠵᠢᠭᠦᠯᠵᠤ᠂ ᠬᠡᠷᠬᠢᠨ ᠳᠡᠯᠡᠬᠡᠢ ᠳ᠋ᠠᠬᠢᠨ ᠲᠠᠢ ᠬᠠᠷᠢᠯᠴᠠᠭᠰᠠᠨ ᠵᠢᠴᠢ ᠬᠡᠷᠬᠢᠨ ᠠᠷᠠᠳ ᠲᠦᠮᠡᠨ ᠢ ᠳᠠᠭᠠᠭᠤᠯᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢᠶᠠᠷ ᠵᠠᠮᠨᠠᠭᠰᠠᠨ ᠲᠤᠬᠠᠢ ᠣᠶᠢᠯᠠᠭᠠᠵᠤ᠂ ᠨᠡᠩ ᠤᠯᠠᠨ ᠠᠷᠭᠦᠨ᠋ᠲ᠋ᠢᠨ ᠤ ᠨᠠᠶᠢᠵᠠ ᠨᠠᠷ ᠡᠨᠡ ᠬᠦ ᠪᠦᠲᠦᠭᠡᠯ ᠢᠶᠠᠷ ᠳᠠᠮᠵᠢᠭᠤᠯᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠢ ᠣᠶᠢᠯᠠᠭᠠᠬᠤ ᠶᠢ ᠬᠦᠰᠡᠵᠦ ᠪᠠᠶᠢᠨ᠎ᠠ ᠭᠡᠪᠡ᠃   ᠳᠤᠮᠳᠠᠳᠤ ᠤᠯᠤᠰ ᠤᠨ ᠭᠠᠳᠠᠭᠠᠳᠤ ᠬᠡᠯᠡᠨ ᠤ ᠬᠡᠪᠯᠡᠨ ᠲᠠᠷᠬᠠᠭᠠᠬᠤ ᠦᠢᠯᠡᠰ ᠤᠨ ᠲᠣᠪᠴᠢᠶᠠᠨ ᠤ ᠳᠡᠳ᠋ ᠳᠠᠷᠤᠭ᠎ᠠ ᠢᠦᠢ ᠲᠤᠤ ᠪᠠᠶᠠᠷ ᠤᠨ ᠦᠭᠡ ᠬᠡᠯᠡᠬᠦ ᠳᠡᠭᠡᠨ᠂ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠢᠰᠫᠠᠨᠢ ᠬᠡᠯᠡᠨ ᠤ ᠬᠡᠪᠯᠡᠯ ᠬᠡᠪᠯᠡᠭᠳᠡᠭᠡᠳ 10 ᠵᠢᠯ ᠤᠨ ᠤᠢ ᠪᠤᠯᠵᠤ᠂ ᠠᠷᠭᠦᠨ᠋ᠲ᠋ᠢᠨ ᠤ ᠡᠯ᠎ᠡ ᠡᠲᠡᠭᠡᠳ ᠤᠨ ᠬᠢᠨ ᠤ ᠥᠷᠭᠡᠨ ᠳᠡᠯᠭᠡᠷ ᠬᠦᠷᠢᠶᠡᠯᠡᠯ ᠢ ᠤᠯᠪᠠ᠃ ᠳᠤᠷᠠᠲᠠᠶ᠎ᠠ ᠠᠷᠭᠧᠨ᠋ᠲ᠋ᠢᠨ ᠤ ᠲᠠᠯ᠎ᠠ ᠲᠠᠢ ᠬᠠᠮᠲᠤ ᠨᠣᠮ ᠬᠡᠪᠯᠡᠯ᠂ ᠵᠠᠭᠤᠴᠢᠯᠠᠭᠤᠷ ᠤᠨ ᠳᠠᠮᠵᠢᠭᠤᠯᠭ᠎ᠠ᠂ ᠤᠶᠤᠨ ᠤ ᠬᠥᠮᠥᠷᠭᠡ ᠶᠢᠨ ᠶᠠᠷᠢᠯᠴᠠᠭ᠎ᠠ᠂ ᠰᠤᠳᠤᠯᠭᠠᠨ ᠤ ᠰᠡᠳᠦᠪ ᠵᠡᠷᠭᠡ ᠬᠦᠷᠢᠶ᠎ᠡ ᠴᠠᠷᠠᠭ᠎ᠠ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠢ ᠭᠦᠨᠵᠡᠭᠡᠶᠢᠷᠡᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠪᠡ᠃   ᠬᠤᠪᠢᠶᠠᠯᠴᠠᠬᠤ ᠬᠤᠷᠠᠯ ᠳᠡᠭᠡᠷ᠎ᠡ᠂ ᠳᠤᠮᠳᠠᠳᠤ ᠤᠯᠤᠰ ᠲᠤ ᠰᠠᠭᠤᠭ᠎ᠠ ᠠᠷᠭᠧᠨ᠋ᠲ᠋ᠢᠨ ᠤ ᠤᠤᠯ ᠤᠨ ᠡᠯᠴᠢᠨ ᠰᠠᠶᠢᠳ ᠨᠢᠦ ᠸᠠᠩ ᠳ᠋ᠤᠤ ᠪᠣᠯᠤᠨ ᠭᠠᠢ ᠲᠢᠶᠧ ᠭᠧ᠂ ᠠᠷᠭᠧᠨ᠋ᠲ᠋ᠢᠨ ᠤ ᠬᠡᠪᠯᠡᠯ ᠤᠨ ᠬᠤᠳᠠᠯᠳᠤᠭᠠᠴᠢᠨ ᠤ ᠨᠡᠶᠢᠭᠡᠮᠯᠢᠭ ᠤᠨ ᠲᠡᠷᠢᠭᠦᠯᠡᠭᠴᠢ ᠬᠤ᠋ ᠠᠨ · ᠮᠬᠠᠨᠠᠦ᠋ᠯ · ᠫᠠᠨ ᠫᠢᠩ ᠨᠡᠷ ᠲᠤᠰ ᠪᠡᠶ᠎ᠡ ᠶᠢᠨ ᠥᠩᠭᠡᠷᠡᠯᠲᠡ ᠲᠠᠢ ᠪᠠᠨ ᠤᠶᠠᠯᠳᠤᠭᠤᠯᠵᠤ᠂ ᠠᠳᠠᠯᠢ ᠪᠤᠰᠤ ᠬᠠᠷᠠᠭᠠᠰᠤ ᠠᠴᠠ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠬᠤᠯᠪᠣᠭᠳᠠᠯ ᠪᠦᠬᠦᠢ ᠠᠭᠤᠯᠭ᠎ᠠ ᠶᠢ ᠲᠠᠨᠢᠯᠴᠠᠭᠤᠯᠵᠤ᠂ ᠨᠣᠮ ᠤᠩᠰᠢᠭᠰᠠᠨ ᠣᠯᠤᠯᠲᠠ ᠲᠦᠷᠦᠭᠳᠡᠯ ᠢᠶᠠᠨ ᠬᠤᠪᠢᠶᠠᠯᠴᠠᠪᠠ᠃   ︵ᠰᠢᠨᠬᠤᠸᠠ ᠬᠤᠷᠢᠶ᠎ᠠ ᠶᠢᠨ ᠪᠦᠶᠧᠨᠤᠰ ᠠᠶᠢᠷᠧᠰ ᠤᠨ 4 ᠰᠠᠷ᠎ᠠ ᠶᠢᠨ 15 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号