ᠳᠦᠷᠦᠯᠵᠢ ᠪᠠᠯᠭᠠᠰᠤ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ
ᠨᠡᠶᠢᠲᠡᠯᠡᠭᠰᠡᠨ ᠴᠠᠭ᠄
2024/4/18
   ᠣᠶᠢᠷ᠎ᠠ ᠶᠢᠨ ᠵᠢᠯ ᠳᠤ᠂ ᠳᠦᠷᠦᠯᠵᠢ ᠪᠠᠯᠭᠠᠰᠤ ᠰᠢᠰᠲ᠋ᠧᠮᠲᠦ ᠢᠨᠵᠧᠨᠧᠷᠢᠩ ᠪᠠ ᠪᠥᠬᠦ ᠲᠠᠯ᠎ᠠ ᠶᠢᠨ ᠲᠠᠯ᠎ᠠ ᠠᠴᠠ ᠰᠢᠨ᠎ᠡ ᠵᠠᠰᠠᠯᠲᠠ ᠶᠢᠨ ᠵᠠᠮ ᠢ ᠲᠠᠰᠤᠷᠠᠯᠲᠠ ᠥᠬᠡᠶ ᠡᠷᠢᠯᠬᠢᠯᠡᠵᠦ᠂ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠪᠦᠬᠦᠯᠢ ᠴᠣᠭᠴᠠ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠣᠯᠠᠨ ᠵᠦᠶ᠋ᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ᠂ ᠪᠥᠬᠦ ᠣᠷᠣᠨ ᠪᠦᠰᠡ᠂ ᠪᠥᠬᠦ ᠶᠠᠪᠤᠴᠠ ᠳᠤ ᠥᠷᠨᠢᠭᠦᠯᠪᠡ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠬᠰᠠᠨ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠭᠦᠨᠵᠡᠭᠡᠢ ᠬᠡᠷᠡᠭᠵᠢᠭᠦᠯᠵᠦ᠂ ᠶᠡᠭᠡ ᠬᠡᠪᠴᠢᠶ᠎ᠡ ᠪᠠᠷ ᠨᠣᠭᠤᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠶᠢ ᠲᠦᠷᠭᠡᠳᠭᠡᠨ᠎ᠡ᠃    2024 ᠣᠨ ᠳᠤ᠂ ᠳᠦᠷᠦᠯᠵᠢ ᠪᠠᠯᠭᠠᠰᠤ ᠶᠡᠷᠦᠩᠬᠡᠶ ᠱᠦᠵᠢ ᠰᠢ ᠶᠢᠨ ᠫᠢᠩ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠤᠯᠬᠤ ᠶᠡᠷᠦᠩᠬᠡᠶ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠣᠷᠳᠣ ᠬᠤᠭᠤᠴᠠᠭ᠎ᠠ ᠪᠠᠷ ᠴᠢᠷᠮᠠᠶᠢᠬᠤ ᠶᠢ ᠪᠠᠷᠢᠮᠲᠠᠯᠠᠨ᠂ ᠦᠷᠭᠦᠯᠵᠢᠯᠡᠨ ᠬᠦᠴᠦᠯᠡᠵᠦ᠂ ᠲᠣᠭᠲᠠᠴᠠ ᠶᠢᠨ ᠰᠢᠨ᠎ᠡ ᠶᠢ ᠡᠭᠦᠳᠴᠦ᠂ ᠪᠠᠯᠭᠠᠰᠤᠨ ᠤ ᠲᠠᠰ ᠤᠨ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠪᠠᠶᠢᠯᠳᠤᠭᠠᠨ ᠤ ᠵᠢᠯᠣᠭᠤᠳᠬᠤ ᠭᠠᠵᠠᠷ ᠢ ᠪᠠᠶᠢᠭᠤᠯᠵᠤ᠂ 8 ᠪᠠᠶᠢᠯᠳᠤᠭᠠᠨ ᠤ ᠲᠣᠭᠤᠷᠢᠭ ᠬᠤᠪᠢᠶᠠᠵᠤ᠂ ︽ᠨᠠᠮ ᠤᠨ ᠬᠤᠷᠢᠶ᠎ᠠ ᠤᠳᠤᠷᠢᠳᠬᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ᠂ ᠰᠢᠰᠲ᠋ᠧᠮ ᠲᠠᠢ ᠵᠠᠰᠠᠬᠤ᠂ ᠨᠡᠶᠢᠭᠡᠮ ᠢᠶᠠᠷ ᠢᠶᠠᠨ ᠣᠷᠣᠯᠴᠠᠬᠤ︾ ᠠᠵᠢᠯ ᠤᠨ ᠲᠣᠭᠲᠠᠴᠠ ᠶᠢ ᠲᠣᠭᠲᠠᠭᠠᠵᠤ᠂ ᠪᠥᠬᠦ ᠪᠠᠯᠭᠠᠰᠤᠨ ᠤ ᠢᠯᠡ ᠪᠠᠶᠢᠭ᠎ᠠ ᠡᠯᠡᠰᠦᠷᠬᠡᠭ ᠭᠠᠵᠠᠷ ᠢ ᠵᠠᠰᠠᠬᠤ ᠡᠭᠦᠷᠭᠡ ᠶᠢ ᠴᠠᠭ ᠲᠤᠬᠠᠶ ᠳᠤᠨᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃    ︽ᠣᠳᠣᠬᠠᠨ ᠳᠤ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠲᠥᠷᠥ ᠶᠢᠨ ᠪᠣᠳᠣᠯᠭ᠎ᠠ ᠮᠠᠰᠢ ᠰᠠᠶᠢᠨ ᠪᠣᠯᠵᠠᠶ᠂ ᠮᠠᠯᠴᠢᠨ ᠲᠠᠷᠢᠶᠠᠴᠢᠨ ᠭᠠᠳᠠᠭᠰᠢ ᠭᠠᠷᠴᠤ ᠬᠦᠴᠦ ᠶᠠᠪᠤᠬᠤ ᠴᠢᠬᠤᠯᠠ ᠥᠬᠡᠶ᠂ ᠬᠡᠷ ᠤᠨ ᠡᠭᠦᠳᠡᠨ ᠳᠤ ᠠᠵᠢᠯ ᠬᠢᠬᠦ ᠬᠡᠷᠡᠭ ᠥᠬᠡᠶ᠂ ᠳᠠᠷᠤᠶ ᠣᠷᠴᠢᠨ ᠲᠣᠭᠤᠷᠢᠨ ᠢ ᠭᠤᠶᠣᠯᠠᠬᠤ ᠮᠥᠷᠲᠡᠭᠡᠨ ᠣᠷᠣᠯᠭ᠎ᠠ ᠪᠠᠨ ᠨᠡᠮᠡᠭᠳᠡᠭᠦᠯᠵᠦ᠂ ᠥᠪᠡᠷ ᠤᠨ ᠬᠥᠳᠡᠯᠮᠦᠷᠢ ᠪᠠᠷ ᠢᠶᠠᠨ ᠳᠠᠮᠵᠢᠭᠤᠯᠤᠨ ᠦᠨᠡᠨ ᠪᠣᠳᠠᠲᠠᠶ ᠠᠮᠢ ᠠᠬᠤᠶ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠣᠯᠵᠤ ᠬᠠᠷᠠᠨ᠎ᠠ ᠬᠡᠵᠤ ᠶᠠᠮᠤᠨ ᠮᠣᠳᠣ ᠭᠠᠴᠠᠭᠠᠨ ᠤ ᠨᠠᠮ ᠤᠨ ᠡᠭᠦᠷ ᠤᠨ ᠱᠦᠵᠢ ᠵᠠᠩ ᠰᠡᠴᠡᠨ ᠬᠡᠯᠡᠪᠡ᠃    ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠭᠡᠳᠡᠭ ᠨᠢ ᠳᠠᠷᠤᠶ ᠡᠯᠡᠰᠦᠷᠬᠡᠭ ᠭᠠᠵᠠᠷ ᠢ ᠵᠠᠰᠠᠵᠤ ᠠᠵᠢᠯᠴᠢᠨ ᠬᠡᠷᠡᠭᠯᠡᠬᠦ ᠠᠰᠠᠭᠤᠳᠠᠯ ᠢ ᠳᠡᠭᠡᠭᠰᠢᠯᠡᠭᠦᠯᠵᠦ᠂ ᠪᠠᠰᠠ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠤ ᠣᠷᠣᠯᠭ᠎ᠠ ᠶᠢ ᠳᠡᠭᠡᠭᠰᠢᠯᠡᠭᠦᠯᠦᠨ᠂ ᠨᠠᠩ ᠣᠯᠠᠨ ᠬᠥᠮᠦᠰ ᠢ ᠡᠯᠡᠰᠦᠷᠬᠡᠭ ᠭᠠᠵᠠᠷ ᠢ ᠵᠠᠰᠠᠬᠤ ᠳᠤ ᠣᠷᠣᠯᠴᠠᠭᠤᠯᠵᠤ᠂ ᠡᠯᠡᠰᠦᠷᠬᠡᠭ ᠭᠠᠵᠠᠷ ᠢ ᠵᠠᠰᠠᠬᠤ ᠳᠤ ᠬᠦᠴᠦᠷᠬᠡᠭ ᠶᠡᠭᠡ ᠬᠦᠴᠦᠨ ᠴᠢᠳᠠᠯ ᠨᠡᠮᠡᠷᠢᠯᠡᠭᠰᠡᠨ ᠪᠠᠶᠢᠨ᠎ᠠ᠃    ︽ᠦᠬᠡᠷ ᠬᠠᠷᠭᠠᠨ᠎ᠠ ᠪᠣᠯ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠬᠤᠰᠢᠭᠤᠴᠢ ᠪᠣᠳᠠᠰ ᠤᠨ ᠨᠢᠭᠡ ᠪᠣᠯᠤᠨ᠎ᠠ᠂ ᠰᠧᠨ ᠹᠠ ᠪᠦᠯᠦᠭᠯᠡᠯ ᠡᠨᠡ ᠵᠢᠯ ᠶᠠ ᠮᠧᠨ ᠮᠤᠤ ᠶᠢᠨ ᠭᠠᠵᠠᠷ ᠵᠦᠢ ᠶᠢᠨ ᠰᠢᠨᠵᠢ ᠴᠢᠨᠠᠷ ᠢ ᠦᠨᠳᠦᠰᠦᠯᠡᠨ ᠂ ᠲᠤᠰ ᠭᠠᠵᠠᠷ ᠣᠷᠣᠨ ᠤ ᠨᠢᠴᠦᠭᠦᠨ ᠡᠯᠡᠰᠦᠷᠬᠡᠭ ᠭᠠᠵᠠᠷ ᠲᠤ ᠨᠠᠷᠢᠨ ᠨᠠᠪᠴᠢᠲᠤ ᠬᠠᠷᠭᠠᠨ᠎ᠠ ᠳᠠᠷᠢᠵᠤ᠂ ᠲᠣᠰ ᠭᠠᠵᠠᠷ ᠣᠷᠣᠨ ᠤ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠢ ᠨᠢᠭᠡᠳᠬᠡᠬᠦ ᠶᠢ ᠴᠢᠷᠮᠠᠶᠢᠨ ᠪᠡᠶᠡᠯᠡᠭᠦᠯᠵᠦ᠂ ᠲᠤᠬᠠᠢ ᠶᠢᠨ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠴᠢᠷᠮᠠᠶᠢᠨ ᠰᠠᠶᠢᠵᠢᠷᠠᠭᠤᠯᠤᠨ᠎ᠠ ᠭᠡᠵᠤ ᠰᠧᠨ ᠹᠠ ᠪᠦᠯᠦᠭᠯᠡᠯ ᠤᠨ ᠶᠠᠮᠤᠨ ᠮᠤᠳᠤ ᠭᠠᠴᠠᠭᠠᠨ ᠳᠠᠬᠢ ᠬᠡᠰᠡᠭ ᠤᠨ ᠲᠦᠷᠦᠯ ᠵᠦᠢᠯ ᠤᠨ ᠬᠠᠷᠢᠭᠤᠴᠠᠯᠭᠠᠲᠠᠨ ᠵᠢᠶᠠ ᠴᠦᠨ ᠢᠦᠢ ᠬᠡᠯᠡᠪᠡ᠃     ᠬᠠᠯᠴᠠᠭᠠᠢ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠶ᠋ᠯ ᠢ ᠬᠡᠷᠡᠭᠵᠢᠭᠦᠯᠦᠭᠰᠡᠨ ᠠᠴᠠ ᠨᠠᠰᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠦᠴᠦᠲᠡᠶ ᠳᠡᠮᠵᠢᠯᠭᠡ ᠳᠣᠤᠷ᠎ᠠ᠂ ᠳᠦᠷᠦᠯᠵᠢ ᠪᠠᠯᠭᠠᠰᠤᠨ ᠤ ᠬᠠᠷᠢᠶᠠᠨ ᠳᠠᠬᠢ ᠨᠢᠴᠦᠭᠦᠨ ᠲᠠᠷᠢᠶᠠᠨ ᠭᠠᠵᠠᠷ ᠢ ᠲᠡᠭᠰᠢᠯᠡᠬᠦ ᠠᠵᠢᠯ ᠨᠢᠭᠡᠨᠲᠡ ᠳᠠᠭᠤᠰᠴᠤ᠂ ᠬᠦᠷᠢᠶ᠎ᠡ ᠬᠠᠰᠢᠶ᠎ᠠ᠂ ᠡᠯᠡᠰᠦᠨ ᠬᠠᠯᠬᠠᠪᠴᠢ᠂ ᠱᠦᠢᠨᠢ ᠶᠢᠨ ᠪᠠᠭᠠᠨ᠎ᠠ᠂ ᠴᠢᠬᠢ ᠮᠣᠳᠣ ᠳᠠᠷᠢᠬᠤ ᠶᠢ ᠴᠥᠮ ᠪᠣᠳᠠᠲᠠᠶᠢᠵᠢᠭᠤᠯᠵᠤ᠂ ᠣᠲᠣ ᠨᠢᠭᠡᠨᠲᠡ 2700 ᠭᠠᠷᠤᠶ ᠮᠥ ᠵᠢᠵᠢᠭ ᠨᠠᠪᠴᠢᠲᠤ ᠬᠠᠷᠭᠠᠨ᠎ᠠ ᠳᠠᠷᠢᠵᠤ᠂ ᠡᠳᠦᠷ ᠪᠦᠷᠢ ᠳᠤᠮᠳᠠᠴᠢ ᠪᠠᠷ 60 ᠠᠵᠢᠯᠴᠢᠨ᠂ 20 ᠭᠠᠷᠤᠶ ᠰᠠᠭᠤᠷᠢ ᠮᠠᠰᠢᠨ ᠲᠥᠬᠦᠭᠡᠷᠦᠮᠵᠢ ᠶᠢ ᠣᠷᠣᠭᠤᠯᠵᠤ᠂ ᠮᠠᠯᠴᠢᠨ ᠲᠠᠷᠢᠶᠠᠴᠢᠨ ᠢ ᠳᠠᠶᠢᠴᠢᠯᠠᠨ ᠡᠳᠦᠷ ᠪᠦᠷᠢ 150 - 400 ᠲᠥᠭᠦᠷᠢᠭ ᠤᠨ ᠣᠷᠣᠯᠭ᠎ᠠ ᠨᠡᠮᠡᠭᠳᠡᠭᠦᠯᠪᠡ᠃    ᠳᠠᠷᠠᠭᠠᠴᠢ ᠶᠢᠨ ᠠᠯᠬᠤᠮ ᠳᠤ᠂ ᠳᠦᠷᠦᠯᠵᠢ ᠪᠠᠯᠭᠠᠰᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠲᠤᠯᠠᠵᠤ᠂ ᠡᠭᠦᠷᠭᠡ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠦᠯᠡᠳᠡᠭᠰᠡᠨ ᠠᠵᠢᠯ ᠤᠨ ᠡᠭᠦᠷᠭᠡ ᠪᠠᠨ ᠪᠠᠷᠢᠮᠵᠢᠶᠠᠯᠠᠨ ᠬᠠᠷᠭᠤᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠵᠢᠯ ᠤᠨ ᠠᠬᠢᠴᠠ ᠪᠠᠨ ᠴᠢᠨᠠᠭᠰᠢᠳᠠ ᠲᠦᠷᠭᠡᠳᠬᠡᠵᠦ᠂ ᠨᠡᠩ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠲᠡᠮᠡᠴᠡᠬᠦ ᠣᠪᠣᠷ ᠪᠠᠶᠢᠳᠠᠯ ᠪᠣᠯᠤᠨ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号