ᠳᠦᠷᠦᠯᠵᠢ ᠪᠠᠯᠭᠠᠰᠤᠨ ᠤ ᠨᠠᠮ ᠤᠨ ᠲᠥᠯᠥᠭᠡᠯᠡᠭᠴᠢᠳ ᠤᠨ ︽ᠪᠦᠯᠬᠦᠮ ᠵᠣᠬᠢᠶᠠᠨ ᠪᠠᠶᠢᠭᠤᠯᠵᠤ︾ ᠠᠷᠠᠳ ᠤᠨ ᠲᠥᠯᠥᠭᠡ ᠡᠭᠦᠷᠭᠡ ᠲᠤᠰᠢᠶᠠᠯ ᠢᠶᠠᠨ ᠬᠦᠢᠴᠡᠳᠭᠡᠵᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2024/4/18
    ᠥᠪᠡᠷᠲᠡᠭᠡᠨ ᠵᠠᠰᠠᠬᠤ ᠣᠷᠣᠨ ᠤ ︽ᠨᠠᠮ ᠤᠨ ᠲᠥᠯᠥᠭᠡᠯᠡᠭᠴᠢᠳ ᠤᠨ ᠪᠠᠶᠢᠩᠭᠤ ᠶᠢᠨ ᠴᠢᠨᠠᠷᠲᠠᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾᠎ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠪᠠᠳᠠᠷᠠᠭᠤᠯᠬᠤ ᠴᠢᠳᠠᠪᠤᠷᠢ ᠶᠢ ᠬᠠᠮᠤᠭ ᠤᠨ ᠶᠡᠭᠡ ᠪᠣᠯᠭᠠᠬᠤ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠳᠦᠷᠦᠯᠵᠢ ᠪᠠᠯᠭᠠᠰᠤ ︽ᠳᠥᠷᠪᠡ ᠶᠢ ᠲᠣᠭᠲᠠᠭᠠᠬᠤ ᠠᠵᠢᠯ ᠤᠨ ᠠᠷᠭ᠎ᠠ︾᠎ ᠶᠢ ᠦᠨᠳᠦᠰᠦᠯᠡᠨ ᠨᠠᠮ ᠤᠨ ᠲᠥᠯᠥᠭᠡᠯᠡᠭᠴᠢᠳ ᠤᠨ ᠦᠢᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠪᠠ᠃ ᠪᠦᠯᠬᠦᠮ ᠤᠨ ᠳᠣᠲᠣᠷᠠᠬᠢ ᠨᠠᠮ ᠤᠨ ᠲᠥᠯᠥᠭᠡᠯᠡᠭᠴᠢ ᠲᠠᠪᠤᠨ ᠭᠡᠰᠢᠭᠦᠨ ᠳᠠᠪᠠᠭᠤᠯᠢᠭ ᠢᠶᠠᠨ ᠪᠠᠳᠠᠷᠠᠭᠤᠯᠵᠤ᠂ ᠡᠮᠦᠨ᠎ᠡ ᠹᠷᠣᠨᠲ ᠲᠤ ᠬᠦᠷᠴᠦ᠂ ᠤᠯᠠᠨ ᠲᠦᠮᠡᠨ ᠤ ᠳᠡᠷᠭᠡᠳᠡ ᠬᠦᠷᠴᠦ᠂ ᠠᠷᠠᠳ ᠲᠦᠮᠡᠨ ᠤ ᠰᠡᠳᠬᠢᠯ ᠳᠤ ᠬᠦᠷᠪᠡ᠃    ᠨᠠᠮ ᠤᠨ ᠲᠥᠯᠥᠭᠡᠯᠡᠭᠴᠢᠳ ᠤᠨ ᠪᠦᠯᠬᠦᠮ ᠲᠠᠷᠢᠶᠠᠨ ᠳᠤᠮᠳᠠ ᠭᠦᠨᠵᠡᠭᠡᠶᠢᠷᠡᠵᠦ᠂ ᠠᠶᠢᠯ ᠡᠷᠦᠬᠡ ᠪᠠᠷ ᠬᠦᠷᠴᠦ᠂ ᠨᠤᠲᠤᠭ ᠤᠨ ᠠᠬ᠎ᠠ ᠳᠡᠭᠦᠦ ᠨᠡᠷ ᠲᠠᠢ ᠵᠣᠭᠤᠭᠳᠠᠵᠤ᠂ ᠨᠤᠲᠤᠭ ᠤᠨ ᠦᠭᠡ ᠶᠠᠷᠢᠶ᠎ᠠ ᠲᠣᠰᠬᠤᠨ ᠤ ᠦᠭᠡᠨ ᠳᠤ᠂ ᠮᠠᠯᠴᠢᠨ ᠲᠠᠷᠢᠶᠠᠴᠢᠨ ᠡᠷᠦᠬᠡ ᠶᠢᠨ ᠦᠶ᠋ᠯᠡᠳᠪᠦᠷᠢᠯᠡᠯ ᠬᠥᠳᠡᠯᠮᠦᠷᠢ ᠶᠢᠨ ᠳᠤᠮᠳᠠ ᠲᠤᠯᠭᠠᠷᠠᠭᠰᠠᠨ ᠪᠣᠭᠤᠮᠢ ᠪᠠ ᠬᠦᠰᠡᠯ ᠡᠷᠡᠮᠡᠯᠵᠡᠯ ᠢ ᠰᠣᠨᠣᠰᠪᠠ᠃ ᠨᠠᠮ ᠤᠨ ᠲᠥᠷᠥ ᠶᠢᠨ ᠪᠣᠳᠣᠯᠭ᠎ᠠ ᠴᠢᠭᠯᠡᠯᠲᠡ ᠶᠢ ᠨᠤᠲᠤᠭ ᠤᠨ ᠠᠬ᠎ᠠ ᠳᠡᠭᠦᠦ ᠨᠠᠷ ᠲᠤ ᠳᠠᠮᠵᠢᠭᠤᠯᠤᠨ᠃ ᠲᠣᠰᠬᠤᠨ ᠤ ᠠᠷᠠᠳ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠬᠦᠷᠢᠶ᠎ᠡ ᠬᠠᠰᠢᠶ᠎ᠠ ᠶᠢᠨ ᠠᠵᠤ ᠠᠬᠤᠶ ᠶᠢ ᠬᠥᠭᠵᠢᠭᠦᠯᠵᠦ᠂ ᠭᠡᠷ ᠪᠠᠶᠢᠰᠢᠩ ᠤᠨ ᠡᠮᠦᠨ᠎ᠡ ᠬᠤᠶᠢᠨᠠᠬᠢ ︽ᠠᠯᠠᠭᠠᠨ ᠴᠢᠨᠡᠭᠡᠨ ᠭᠠᠵᠠᠷ︾᠎ ᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ︽ᠡᠷᠳᠡᠨᠢ ᠶᠢᠨ ᠰᠠᠪᠠ︾ ᠪᠣᠯᠭᠠᠨ ᠬᠤᠪᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠬᠦᠴᠦᠨ ᠴᠢᠳᠠᠯ ᠣᠯᠭᠤᠨ᠎ᠠ᠃ ᠨᠠᠮ ᠤᠨ ᠲᠥᠯᠥᠭᠡᠯᠡᠭᠴᠢ ᠶᠢᠨ ᠪᠦᠯᠬᠦᠮ ᠬᠤᠪᠢ ᠬᠥᠮᠦᠨ ᠤ ᠳᠠᠷᠤᠭ᠎ᠠ ᠪᠠᠷ ᠦᠨᠳᠦᠰᠦᠯᠡᠯ ᠪᠣᠯᠭᠠᠵᠤ᠂ ᠲᠤᠰᠬᠠᠶᠢᠯᠠᠨ 1 — 2 ᠲᠥᠯᠥᠭᠡᠯᠡᠭᠴᠢ ᠲᠣᠮᠢᠯᠠᠵᠤ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠰᠣᠨᠣᠰᠴᠤ᠂ ᠡᠮᠬᠢᠯᠡᠪᠡ᠃ ᠲᠣᠭᠲᠠᠭᠰᠠᠨ ᠡᠳᠦᠷ ᠲᠤ ᠤᠯᠠᠨ ᠲᠦᠮᠡᠨ ᠤ ᠰᠤᠷᠪᠤᠯᠵᠢᠯᠠᠭ᠎ᠠ ᠶᠢ ᠬᠦᠯᠢᠶᠡᠨ ᠠᠪᠴᠤ᠂ ᠨᠠᠮ ᠤᠨ ᠲᠥᠯᠥᠭᠡᠯᠡᠭᠴᠢ ᠶᠢᠨ ᠤᠯᠠᠨ ᠲᠦᠮᠡᠨ ᠤ ᠰᠠᠨᠠᠯ ᠢ ᠰᠣᠨᠣᠰᠬᠤ ᠠᠷᠭ᠎ᠠ ᠵᠠᠮ ᠢ ᠥᠷᠭᠡᠳᠬᠡᠬᠦ ᠬᠡᠷᠡᠭᠲᠡᠢ᠃ ᠨᠠᠮ ᠤᠨ ᠲᠥᠯᠥᠭᠡᠯᠡᠭᠴᠢ ᠤᠯᠠᠨ ᠲᠦᠮᠡᠨ ᠲᠠᠢ ᠨᠢᠭᠡ ᠲᠠᠩᠬᠢᠮ ᠳᠤ ᠲᠣᠭᠤᠷᠢᠨ ᠰᠠᠭᠤᠵᠤ᠂ ᠤᠯᠠᠨ ᠲᠦᠮᠡᠨ ᠤ ᠬᠥᠳᠡᠯᠮᠦᠷᠢ ᠦᠢᠯᠡᠳᠪᠦᠷᠢᠯᠡᠯ ᠤᠨ ᠶᠠᠪᠤᠴᠠ ᠳᠤ ᠣᠷᠣᠰᠢᠵᠤ ᠪᠠᠶᠢᠭ᠎ᠠ ᠲᠦᠭᠵᠢᠷᠡᠯ᠂ ᠡᠪᠡᠷᠰᠢᠶᠡᠯ ᠤᠨ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ︽ᠰᠡᠳᠬᠢᠯ ᠬᠤᠯᠪᠣᠬᠤ ᠬᠥᠭᠦᠷᠭᠡ︾᠎ ᠶᠢ ᠪᠤᠰᠬᠠᠪᠠ᠃    ᠨᠠᠮ ᠤᠨ ᠲᠥᠯᠥᠭᠡᠯᠡᠭᠴᠢᠳ ᠤᠨ ᠪᠦᠯᠬᠦᠮ ᠤᠨ ᠪᠠᠶᠢᠩᠭᠤ ᠶᠢᠨ ᠴᠢᠨᠠᠷᠲᠠᠢ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠳᠠᠮᠵᠢᠭᠤᠯᠵᠤ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠬᠠᠮᠲᠤᠪᠠᠷ ᠰᠤᠳᠤᠯᠤᠨ ᠶᠠᠷᠢᠯᠴᠠᠪᠠ᠃ ᠬᠤᠷᠠᠯ ᠳᠡᠭᠡᠷ᠎ᠡ᠂ ᠨᠠᠮ ᠤᠨ ᠲᠥᠯᠥᠭᠡᠯᠡᠭᠴᠢ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠭᠰᠠᠨ ᠪᠥᠭᠡᠳ ᠲᠤᠰ ᠪᠡᠶ᠎ᠡ ᠶᠢᠨ ᠠᠵᠢᠯ ᠲᠠᠢ ᠪᠠᠨ ᠤᠶᠠᠯᠳᠤᠭᠤᠯᠤᠨ ᠠᠵᠤ ᠦᠢᠯᠡᠰ ᠤᠨ ᠬᠥᠭᠵᠢᠯᠲᠡ ᠶᠢ ᠵᠢᠯᠣᠭᠤᠳᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠵᠠᠰᠠᠯᠲᠠ ᠵᠡᠷᠭᠡ ᠲᠠᠯ᠎ᠠ ᠪᠠᠷ ᠲᠡᠰ ᠳᠠᠷᠠᠭᠠᠯᠠᠨ ᠶᠠᠷᠢᠶ᠎ᠠ ᠲᠠᠯᠪᠢᠵᠤ᠂ ᠰᠠᠨᠠᠯ ᠰᠠᠨᠠᠭᠤᠯᠭ᠎ᠠ ᠳᠤᠷᠠᠳᠬᠤ ᠶᠢᠨ ᠬᠠᠮᠲᠤ ᠨᠠᠮ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠭᠰᠠᠨ ᠪᠦᠷᠢᠳᠬᠡᠯ ᠤᠨ ᠬᠦᠰᠦᠨᠦᠭᠲᠦ ᠶᠢ ᠲᠠᠭᠯᠠᠪᠠ᠃ ᠰᠢᠨ᠎ᠡ ᠶᠢ ᠡᠭᠦᠳᠬᠦ ᠠᠵᠢᠯ ᠤᠨ ᠭᠠᠷᠳᠠᠬᠤ ᠴᠡᠭ ᠢ ᠢᠳᠡᠪᠬᠢᠲᠡᠢ ᠡᠷᠢᠯᠬᠢᠯᠡᠵᠦ᠂ ᠪᠦᠬᠦ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠲᠥᠯᠥᠭᠡᠯᠡᠭᠴᠢᠳ ᠤᠨ ᠦᠢᠯᠡᠳᠦᠯ ᠢ ᠪᠠᠳᠠᠷᠠᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号