ᠳᠦᠷᠦᠯᠵᠢ ᠪᠠᠯᠭᠠᠰᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/18
   4 ᠰᠠᠷ᠎ᠠ ᠶᠢᠨ 15᠎ ᠤ ᠡᠳᠦᠷ᠂ ᠳᠦᠷᠦᠯᠵᠢ ᠪᠠᠯᠭᠠᠰᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠨ ᠹᠧᠩ ᠬᠤᠷᠠᠯ ᠢ ᠡᠷᠭᠢᠯᠡᠵᠦ᠂ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠨᠠᠮ ᠤᠨ ᠬᠤᠷᠢᠶᠠᠨ ᠤ ᠳᠡᠳ᠋ ᠱᠦᠵᠢ ᠪᠠᠲᠤ ᠨᠥᠬᠦᠷ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾᠎ ᠤᠨ ᠬᠤᠶᠠᠳᠤᠭᠠᠷ ᠪᠦᠯᠦᠭ ᠢ ᠳᠠᠭᠠᠭᠤᠯᠤᠨ ᠰᠤᠷᠤᠯᠴᠠᠭᠰᠠᠨ ᠪᠥᠭᠡᠳ ︽ᠲᠦᠷᠢᠮ︾᠎ ᠤᠨ ᠳᠣᠲᠣᠷᠠᠬᠢ ᠠᠭᠤᠯᠭ᠎ᠠ ᠳᠤ ᠴᠢᠭᠯᠡᠭᠦᠯᠦᠨ ᠭᠦᠨᠵᠡᠭᠡᠶ ᠵᠠᠳᠠᠯᠤᠯᠲᠠ ᠬᠢᠵᠡᠶ᠃ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠤᠷᠤᠯᠴᠠᠭᠰᠠᠨ ᠣᠯᠤᠯᠲᠠ ᠲᠦᠷᠦᠭᠳᠡᠯ ᠢᠶᠠᠨ ᠰᠣᠯᠢᠯᠴᠠᠪᠠ᠃ ᠤᠯᠠᠨ ᠢᠶᠠᠷ ᠢᠶᠠᠨ᠂ ︽ᠲᠦᠷᠢᠮ︾᠎ ᠢ ᠵᠢᠷᠤᠮᠯᠠᠨ ᠬᠡᠷᠡᠭᠵᠢᠭᠦᠯᠬᠦ ᠲᠠᠯ᠎ᠠ ᠪᠠᠷ ᠦᠯᠢᠭᠡᠷ ᠳᠠᠭᠤᠷᠢᠶᠠᠯ ᠪᠣᠯᠬᠤ ᠶᠢ ᠪᠠᠷᠢᠮᠲᠠᠯᠠᠵᠤ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠵᠢᠱᠢᠶ᠎ᠡ ᠦᠵᠡᠭᠦᠯᠦᠨ ᠲᠠᠶᠢᠴᠢᠯᠠᠵᠤ᠂ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠦᠳᠦᠯᠦᠨ ᠵᠢᠯᠣᠭᠤᠳᠴᠤ᠂ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠪᠠᠷᠢᠮᠲᠠᠯᠠᠬᠤ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠯ ᠢ ᠰᠡᠳᠬᠢᠯ ᠳᠡᠭᠡᠨ ᠬᠠᠳᠠᠩᠰᠢᠭᠤᠯᠵᠤ᠂ ᠭᠠᠷ ᠲᠠᠭᠠᠨ ᠠᠳᠬᠤᠬᠤ ᠶᠢ ᠠᠬᠢᠭᠤᠯᠤᠨ᠎ᠠ ᠭᠡᠵᠦ ᠰᠠᠨᠠᠯ ᠨᠢᠭᠡᠲᠡᠢ ᠢᠯᠡᠳᠬᠡᠪᠡ᠃    ᠬᠤᠷᠠᠯ ᠠᠴᠠ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠪᠣᠯ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢᠨ ᠦᠨᠳᠦᠰᠦᠨ ᠱᠠᠭᠠᠷᠳᠠᠯᠭ᠎ᠠ ᠮᠥᠨ᠂ ᠪᠦᠬᠦ ᠨᠠᠮ ᠤᠨ ᠭᠡᠰᠢᠭᠦᠨ ᠪᠣᠯᠤᠨ ᠺᠠᠳ᠋ᠷ ᠠᠵᠢᠯᠳᠠᠨ ᠠᠵᠢᠯᠴᠢᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾᠎ ᠢ ᠨᠠᠷᠢᠨ ᠬᠢᠨᠠᠮᠠᠭᠠᠢ ᠰᠤᠷᠤᠯᠴᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠷᠮᠠᠶᠢᠨ ᠳᠡᠭᠡᠭᠰᠢᠯᠡᠭᠦᠯᠵᠦ᠂ ︽ᠲᠦᠷᠪᠡᠨ ᠤᠬᠠᠮᠰᠠᠷ︾᠎ ᠢ ᠪᠠᠲᠤ ᠪᠤᠢ ᠪᠣᠯᠭᠠᠵᠤ᠂ ᠤᠬᠠᠮᠰᠠᠷ ᠠᠴᠠ ᠪᠠᠨ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠰᠣᠷᠣᠭᠰᠠᠨ ᠢᠶᠠᠨ ᠬᠡᠷᠡᠭᠯᠡᠵᠦ᠂ ᠬᠤᠷᠢᠭ᠎ᠠ ᠱᠤᠭᠤᠮ ᠢ ᠰᠠᠬᠢᠵᠤ᠂ ᠲᠤᠰ ᠪᠡᠶ᠎ᠡ ᠶᠢᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠵᠢᠷᠤᠮᠵᠢᠭᠤᠯᠤᠨ ᠬᠢᠵᠠᠭᠠᠷᠯᠠᠵᠤ᠂ ᠡᠪ ᠬᠠᠮᠲᠤᠴᠤᠳ ᠤᠨ ᠤᠤᠷ ᠴᠢᠨᠠᠷ ᠢ ᠪᠠᠲᠤᠯᠠᠬᠤ ᠬᠡᠷᠡᠭᠲᠡᠢ᠃    ᠬᠤᠷᠠᠯ ᠠᠴᠠ ᠱᠠᠭᠠᠷᠳᠠᠭᠰᠠᠨ ᠨᠢ᠂ ᠪᠦᠬᠦ ᠨᠠᠮ ᠤᠨ ᠭᠡᠰᠢᠭᠦᠳ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾᠎ ᠤᠨ ᠪᠦᠬᠦ ᠠᠭᠤᠯᠭ᠎ᠠ ᠶᠢ ᠳᠦᠷᠢᠮ ᠵᠤᠷᠪᠤᠰ ᠳᠠᠷᠠᠭᠠᠯᠠᠨ ᠰᠤᠷᠤᠯᠴᠠᠵᠤ᠂ ᠤᠬᠢ ᠰᠣᠳᠣ ᠶᠢ ᠨᠢ ᠡᠵᠡᠮᠰᠢᠵᠦ᠂ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠶᠠᠮᠠᠷᠪᠠ ᠠᠵᠢᠯ ᠤᠨ ᠪᠠᠶᠢᠷᠢ᠂ ᠶᠠᠮᠠᠷᠪᠠ ᠭᠠᠵᠠᠷ ᠣᠷᠣᠨ᠂ ᠶᠠᠮᠠᠷᠪᠠ ᠴᠠᠭ ᠦᠶ᠎ᠡ᠂ ᠶᠠᠮᠠᠷᠪᠠ ᠪᠠᠶᠢᠳᠠᠯ ᠳᠣᠣᠷ᠎ᠠ ᠴᠥᠮ ᠨᠠᠮ ᠤᠨ ᠭᠡᠰᠢᠭᠦᠨ ᠤ ᠪᠡᠶ᠎ᠡ ᠶᠢᠨ ᠭᠠᠷᠤᠯ ᠢ ᠪᠠᠲᠤ ᠴᠡᠭᠡᠵᠢᠯᠡᠵᠦ᠂ ᠰᠠᠬᠢᠯᠭ᠎ᠠ ᠪᠠᠲᠤ ᠪᠠ ᠶᠣᠰᠣ ᠳᠦᠷᠢᠮ ᠤᠨ ᠬᠤᠷᠢᠭ᠎ᠠ ᠱᠤᠭᠤᠮ ᠢ ᠰᠠᠬᠢᠬᠤ ᠬᠡᠷᠡᠭᠲᠡᠢ᠃ ᠵᠤᠷᠪᠤᠰ ᠳᠠᠷᠠᠭᠠᠯᠠᠨ ᠬᠠᠷᠢᠴᠠᠭᠤᠯᠤᠨ ᠪᠠᠶᠢᠴᠠᠭᠠᠵᠤ᠂ ᠥᠪᠡᠷ ᠢ ᠪᠠᠨ ᠦᠨᠡᠨ ᠬᠦ ᠪᠠᠭᠲᠠᠭᠠᠵᠤ᠂ ᠦᠵᠡᠯ ᠰᠠᠨᠠᠭᠠᠨ ᠤ ᠪᠣᠳᠠᠲᠤ ᠪᠠᠶᠢᠳᠠᠯ ᠪᠠ ᠠᠵᠢᠯ ᠤᠨ ᠪᠣᠳᠠᠲᠤ ᠪᠠᠶᠢᠳᠠᠯ ᠢ ᠪᠠᠭᠲᠠᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾᠎ ᠢᠶᠠᠷ ᠴᠡᠭᠡᠷᠯᠡᠯ ᠪᠣᠯᠭᠠᠵᠤ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠰᠡᠳᠬᠢᠯ ᠳᠡᠭᠡᠨ ᠬᠠᠳᠠᠩᠰᠢᠭᠤᠯᠵᠤ᠂ ᠴᠢᠩᠭ᠎ᠠ ᠵᠢᠷᠤᠮᠯᠠᠵᠤ᠂ ᠲᠡᠭᠦᠨ ᠢ ᠡᠳᠦᠷ ᠲᠤᠳᠤᠮ ᠤᠨ ᠳᠠᠳᠬᠠᠯ ᠪᠠ ᠤᠬᠠᠮᠰᠠᠷᠲᠤ ᠵᠢᠷᠤᠮᠯᠠᠯ ᠪᠣᠯᠭᠠᠬᠤ ᠬᠡᠷᠡᠭᠲᠡᠢ᠃ ᠤᠳᠤᠷᠢᠳᠬᠤ ᠪᠠᠭ ᠤᠨ ᠪᠦᠷᠢᠯᠳᠦᠬᠦᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠴᠢᠩᠭ᠎ᠠ ᠬᠠᠮᠢᠶᠠᠷᠬᠤ ᠪᠠ ᠭᠦᠨ ᠬᠠᠶᠢᠷᠠᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠢᠵᠠᠭᠠᠷᠯᠠᠬᠤ ᠪᠠ ᠤᠷᠮᠠᠰᠢᠭᠤᠯᠬᠤ ᠶᠢ ᠵᠡᠷᠭᠡ ᠪᠠᠷ ᠴᠢᠬᠤᠯᠠᠴᠢᠯᠠᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠭᠴᠢ᠂ ᠠᠬᠢᠭᠤᠯᠤᠭᠴᠢ ᠪᠠ ᠬᠡᠷᠡᠭᠵᠢᠭᠦᠯᠦᠭᠴᠢ ᠪᠣᠯᠬᠤ ᠪᠠᠷ ᠴᠢᠷᠮᠠᠶᠢᠬᠤ ᠬᠡᠷᠡᠭᠲᠡᠶ᠃ ᠤᠳᠤᠷᠢᠳᠬᠤ ᠺᠠᠳ᠋ᠷ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠤᠯᠵᠤ᠂ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠰᠠᠬᠢᠬᠤ᠂ ᠶᠣᠰᠣ ᠲᠦᠷᠢᠮ ᠢ ᠡᠷᠬᠢᠮᠯᠡᠬᠦ ᠵᠢᠱᠢᠶᠡᠴᠢ ᠪᠤᠯᠵᠤ᠂ ᠤᠬᠠᠮᠰᠠᠷ ᠠᠴᠠ ᠪᠠᠨ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠳᠡᠭ ᠰᠠᠶᠢᠨ ᠺᠠᠳ᠋ᠷ ᠪᠣᠯᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号