ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠦᠷᠦᠯᠵᠢ ᠪᠠᠯᠭᠠᠰᠤᠨ ᠤ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠵᠢᠷᠤᠮᠵᠢᠭᠰᠠᠨ ᠪᠠᠶᠢᠭᠤᠯᠤᠯᠲᠠ ᠶᠢᠨ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/4/18
   ᠰᠤᠮᠤ ᠪᠠᠯᠭᠠᠰᠤᠨ ᠤ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠬᠦ ᠶᠢᠨ ᠲᠦᠯᠦᠭᠡ᠂ ᠣᠶᠢᠷ᠎ᠠ ᠳᠤ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠳᠦᠷᠦᠯᠵᠢ ᠪᠠᠯᠭᠠᠰᠤᠨ ᠳᠤ ᠭᠦᠨᠵᠡᠭᠡᠶᠢᠷᠡᠨ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠵᠢᠷᠤᠮᠵᠢᠭᠰᠠᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠵᠢᠯᠣᠭᠤᠳᠪᠠ᠃ ᠪᠠᠯᠭᠠᠰᠤᠨ ᠤ ᠲᠤᠭ᠎ᠠ ᠪᠦᠷᠢᠳᠬᠡᠯ ᠤᠨ ᠥᠷᠲᠡᠭᠡ ᠶᠢᠨ ᠠᠵᠢᠯᠲᠠᠨ ᠪᠠᠷ᠎ᠠ ᠪᠣᠯᠪᠠ᠃    ᠪᠠᠶᠢᠴᠠᠭᠠᠬᠤ ᠳᠤᠭᠤᠶᠢᠯᠠᠩ ᠳᠦᠷᠦᠯᠵᠢ ᠪᠠᠯᠭᠠᠰᠤᠨ ᠤ ᠳᠣᠲᠣᠨ᠎ᠠ ᠭᠠᠳᠠᠨᠠᠬᠢ ᠰᠦᠯᠵᠢᠶᠡᠨ ᠤ ᠰᠢᠭᠤᠳ ᠮᠡᠳᠡᠭᠦᠯᠬᠦ ᠲᠠᠪᠴᠠᠩ ᠤᠨ ᠪᠣᠯᠪᠠᠰᠤᠷᠠᠩᠭᠤᠶ ᠠᠵᠢᠯᠯᠠᠬᠤ ᠬᠡᠮᠵᠢᠶ᠎ᠡ᠂ ᠲᠤᠭ᠎ᠠ ᠪᠦᠷᠢᠳᠬᠡᠯ ᠤᠨ ᠠᠵᠢᠯ ᠤᠨ ᠮᠡᠳᠡᠬᠦ ᠶᠣᠰᠣᠲᠠᠶ ᠭᠤᠤᠯᠳᠠᠯᠭ᠎ᠠ ᠲᠠᠢ ᠠᠭᠤᠯᠭ᠎ᠠ ᠶᠢ ᠡᠵᠡᠮᠰᠢᠭᠰᠡᠨ ᠪᠠᠶᠢᠳᠠᠯ ᠵᠡᠷᠭᠡ ᠲᠠᠯ᠎ᠠ ᠪᠠᠷ ᠪᠠᠶᠢᠴᠠᠭᠠᠯᠲᠠ ᠬᠢᠵᠦ᠂ ᠲᠤᠬᠠᠶ ᠶᠢᠨ ᠲᠠᠯᠠᠪᠤᠷ ᠲᠤ ᠰᠤᠮᠤ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯᠲᠠᠨ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠬᠦ ᠶᠢᠨ ᠬᠠᠮᠲᠤ ᠵᠢᠯᠣᠭᠤᠳᠬᠤ ᠰᠠᠨᠠᠯ ᠳᠤᠷᠠᠳᠪᠠ᠃ ᠡᠭᠦᠨ ᠤ ᠳᠤ ᠬᠠᠮᠲᠤ ︽ᠲᠠᠪᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾᠎ ᠶᠢᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠠᠵᠢᠯ ᠢ ᠲᠤᠬᠠᠶ ᠶᠢᠨ ᠭᠠᠵᠠᠷ ᠲᠤᠨᠢ ᠵᠢᠯᠣᠭᠤᠳᠴᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠦᠨᠡᠨᠬᠦ ᠪᠠᠲᠤᠯᠠᠪᠠ᠃ ᠡᠭᠦᠨ ᠤ ᠬᠠᠮᠲᠤ᠂ ᠲᠡᠳᠡ ᠪᠠᠰᠠ ᠲᠤᠬᠠᠶ ᠶᠢᠨ ᠲᠠᠯᠠᠪᠠᠶ ᠳᠤ ᠪᠠᠯᠭᠠᠰᠤᠨ ᠤ ︽ᠨᠠᠢᠮᠠ ᠶᠢ ᠨᠠᠢᠮᠠᠵᠢᠭᠤᠯᠬᠤ︾ ᠵᠢᠷᠤᠮᠵᠢᠭᠰᠠᠨ ᠪᠥᠲᠥᠭᠡᠨ ᠪᠠᠶᠢᠭᠤᠯᠤᠯᠲᠠ ᠶᠢᠨ ᠠᠵᠢᠯ ᠢ ᠦᠵᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠦᠨᠡᠯᠡᠵᠦ ᠰᠢᠯᠭᠠᠨ ᠠᠪᠬᠤ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠠᠵᠢᠯᠲᠠᠨ ᠤ ᠲᠣᠬᠢᠷᠠᠭᠤᠯᠤᠯᠲᠠ᠂ ᠬᠠᠮᠢᠶᠠᠷᠤᠯᠲᠠ ᠶᠢᠨ ᠲᠦᠷᠢᠮ᠂ ᠲᠤᠭ᠎ᠠ ᠪᠦᠷᠢᠳᠬᠡᠯ ᠤᠨ ᠡᠬᠡ ᠲᠠᠩᠰᠠ ᠵᠡᠷᠭᠡ ᠲᠠᠯ᠎ᠠ ᠪᠠᠷ ᠪᠥᠬᠦ ᠲᠠᠯ᠎ᠠ ᠪᠠᠷ ᠨᠠᠷᠢᠨ ᠨᠢᠮᠪᠠᠶ ᠬᠠᠷᠢᠴᠠᠭᠤᠯᠤᠨ ᠪᠠᠶᠢᠴᠠᠭᠠᠪᠠ᠃    ᠳᠠᠷᠠᠭ᠎ᠠ ᠨᠢ᠂ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠰᠢᠶᠠᠨ ᠭᠤᠸᠠᠩ ᠭᠠᠴᠠᠭ᠎ᠠ᠂ ᠰᠠᠶᠢᠬᠠᠨ ᠠᠭᠤᠯᠠ ᠭᠠᠴᠠᠭ᠎ᠠ᠂ ᠺᠤᠤ ᠱᠠᠨ ᠭᠠᠴᠠᠭ᠎ᠠ᠂ ᠳᠦᠷᠦᠯᠵᠢ ᠭᠠᠴᠠᠭ᠎ᠠ ᠵᠡᠷᠭᠡ 14 ᠭᠠᠴᠠᠭ᠎ᠠ ᠳᠤ ᠬᠦᠷᠴᠦ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠬᠠᠢ ᠶᠢᠨ ᠲᠠᠯᠠᠪᠤᠷ ᠲᠤ ᠡᠬᠡ ᠲᠠᠩᠰᠠ ᠶᠢ ᠪᠠᠶᠢᠴᠠᠭᠠᠨ ᠦᠵᠡᠬᠦ᠂ ᠡᠷᠦᠬᠡ ᠳᠤ ᠣᠷᠣᠵᠤ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠬᠠᠷᠭᠤᠭᠤᠯᠬᠤ ᠵᠡᠷᠭᠡ ᠠᠷᠭ᠎ᠠ ᠬᠡᠯᠪᠡᠷᠢ ᠪᠠᠷ ᠲᠤᠭ᠎ᠠ ᠪᠦᠷᠢᠳᠬᠡᠯ ᠤᠨ ᠴᠠᠭᠠᠰᠤᠨ ᠮᠡᠳᠡᠭᠦᠯᠦᠯᠲᠡ ᠶᠢᠨ ᠬᠦᠰᠦᠨᠦᠭᠲᠦ᠂ ᠡᠯᠧᠺᠳ᠋ᠷᠣᠨ ᠡᠬᠡ ᠲᠠᠩᠰᠠ᠂ ᠳᠣᠲᠣᠭᠠᠳᠤ ᠰᠦᠯᠵᠢᠶᠡᠨ ᠤ ᠲᠤᠭ᠎ᠠ ᠪᠠᠷᠢᠮᠲᠠ ᠶᠢᠨ ᠨᠢᠭᠡᠳᠦᠯᠲᠦ ᠴᠢᠨᠠᠷ ᠵᠢᠴᠢ ︽ᠲᠠᠪᠤᠨ ᠠᠵᠤ ᠠᠬᠤᠢ ᠶᠢ ᠲᠦᠭᠡᠮᠡᠯᠵᠢᠭᠦᠯᠬᠦ︾ ᠲᠤᠭ᠎ᠠ ᠪᠠᠷᠢᠮᠲᠠ ᠶᠢᠨ ᠢᠷᠡᠯᠲᠡ ᠵᠡᠷᠭᠡ ᠪᠠᠶᠢᠳᠠᠯ ᠢ ᠬᠢᠨᠠᠨ ᠪᠠᠶᠢᠴᠠᠭᠠᠭᠰᠠᠨ ᠪᠥᠭᠡᠳ ᠢᠯᠡᠷᠡᠭᠦᠯᠦᠭᠰᠡᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠪᠠ᠃    ᠳᠠᠷᠠᠭᠠᠴᠢ ᠶᠢᠨ ᠠᠯᠬᠤᠮ ᠳᠤ᠂ ᠳᠦᠷᠦᠯᠵᠢ ᠪᠠᠯᠭᠠᠰᠤ ︽ᠨᠠᠢᠮᠠ ᠶᠢ ᠨᠠᠢᠮᠠᠵᠢᠭᠤᠯᠬᠤ︾ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠦᠷᠭᠦᠯᠵᠢᠯᠡᠨ ᠠᠬᠢᠭᠤᠯᠵᠤ᠂ ᠰᠤᠮᠤ ᠪᠠᠯᠭᠠᠰᠤᠨ ᠤ ︽ᠨᠠᠢᠮᠠ ᠶᠢ ᠨᠠᠢᠮᠠᠵᠢᠭᠤᠯᠬᠤ ︾ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠵᠤ᠂ ᠰᠢᠨ᠎ᠡ ᠠᠮᠵᠢᠯᠲᠠ ᠣᠯᠬᠤ ᠶᠢ ᠠᠬᠢᠭᠤᠯᠤᠨ᠎ᠠ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号