ᠪᠠᠶᠠᠨᠨᠠᠭᠤᠷ ᠰᠤᠮᠤ 36 ᠳ᠋ᠤᠭᠠᠷ ︽ᠪᠦᠬᠦ ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ︾᠎ ᠶᠢᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/4/18
    2024 ᠣᠨ ᠤ 4 ᠰᠠᠷ᠎ᠠ ᠪᠣᠯ 36 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠪᠣᠯᠤᠨ᠎ᠠ᠂ ᠣᠯᠠᠨ ᠲᠦᠮᠡᠨᠴᠢ ᠴᠢᠨᠠᠷᠲᠠᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢ ᠪᠠᠶᠠᠯᠢᠭᠵᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ ᠣᠶᠢᠷ᠎ᠠ ᠳᠤ᠂ ᠪᠠᠶᠠᠨᠨᠠᠭᠤᠷ ᠰᠤᠮᠤ ᠣᠷᠣᠨ ᠪᠦᠰᠡ ᠶᠢᠨ ᠳᠡᠭᠡᠭᠰᠢᠯᠡᠯᠲᠡ᠂ ᠪᠦᠬᠦᠯᠢ ᠴᠣᠭᠴᠠ ᠶᠢᠨ ᠭᠤᠸ᠎ᠠ ᠰᠠᠶᠢᠬᠠᠨ ᠬᠠᠷᠠᠯᠲᠠ ᠶᠢᠨ ᠲᠣᠭᠤᠷᠢᠨ ᠳᠤ ᠪᠦᠬᠦ ᠬᠥᠮᠦᠰ ᠣᠷᠣᠯᠴᠠᠵᠤ᠂ ᠭᠤᠣᠯᠳᠠᠯᠭ᠎ᠠ ᠶᠢ ᠲᠣᠪᠤᠶᠢᠯᠭᠠᠨ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠦᠵᠡᠰᠬᠦᠯᠡᠩᠲᠦ ᠰᠠᠶᠢᠬᠠᠨ ᠰᠤᠮᠤ ᠪᠠᠷ ᠦᠷᠭᠦᠯᠵᠢᠯᠡᠨ ᠴᠢᠮᠡᠪᠡ᠃    ᠨᠢᠭᠡ᠂ ᠢᠳᠡᠪᠬᠢᠲᠡᠢ ᠤᠬᠠᠭᠤᠯᠵᠤ᠂ ᠡᠷᠡᠭᠦᠯ ᠬᠠᠮᠠᠭᠠᠯᠠᠯ ᠤᠨ ᠰᠠᠷ᠎ᠠ ᠶᠢᠨ ᠠᠭᠤᠷ ᠠᠮᠢᠰᠬᠤᠯ ᠢ ᠪᠤᠢ ᠪᠣᠯᠭᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠎ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ ᠂ ᠡᠷᠡᠭᠦᠯ ᠬᠠᠮᠠᠭᠠᠯᠠᠯ ᠤᠨ ᠰᠤᠮᠤ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠪᠠᠶᠠᠨᠨᠠᠭᠤᠷ ᠰᠤᠮᠤ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠭᠡᠷ ᠤᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠪᠠᠶᠢᠭᠠᠳ ᠬᠠᠷᠢᠶᠠᠲᠤ ᠣᠷᠣᠨ ᠤ ᠵᠡᠭᠡᠯᠢ ᠭᠤᠳᠤᠮᠵᠢ᠂ ᠰᠤᠷᠭᠠᠭᠤᠯᠢ ᠵᠡᠷᠭᠡ ᠣᠯᠠᠨ ᠲᠦᠮᠡᠨ ᠲᠥᠪᠯᠡᠷᠡᠭᠰᠡᠨ ᠣᠷᠣᠨ ᠪᠦᠰᠡ ᠳᠤ ᠢᠳᠡᠪᠬᠢᠲᠡᠢ ᠬᠦᠷᠴᠦ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠡᠷᠡᠭᠦᠯ ᠮᠡᠨᠳᠦ ᠶᠢᠨ ᠪᠡᠶ᠎ᠡ ᠶᠢᠨ ᠬᠦᠨᠳᠦ ᠪᠠ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠵᠤ᠂ ᠥᠷᠭᠡᠨ ᠣᠯᠠᠨ ᠠᠷᠠᠳ ᠲᠦᠮᠡᠨ ᠢ ᠬᠥᠲᠥᠯᠥᠨ ᠵᠢᠯᠣᠭᠤᠳᠴᠤ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠦᠢᠯᠡᠳᠦᠯᠭᠡᠵᠢᠭᠦᠯᠪᠡ᠃    ᠬᠤᠶᠠᠷ᠂ ᠪᠦᠬᠦ ᠰᠤᠮᠤ ᠶᠢᠨ ᠺᠠᠳ᠋ᠷ ᠣᠯᠠᠨ ᠲᠦᠮᠡᠨ ᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠳᠤ ᠣᠷᠣᠯᠴᠠᠬᠤ ᠶᠢ ᠤᠷᠢᠶᠠᠯᠠᠪᠠ᠃ ᠠᠵᠢᠯᠯᠠᠭ᠎ᠠ ᠶᠢᠨ ᠳᠤᠮᠳᠠ᠂ ᠡᠯ᠎ᠡ ᠭᠠᠴᠠᠭᠠᠨ ᠤ ᠬᠤᠶᠠᠷ ᠵᠥᠪᠯᠡᠯ᠂ ᠨᠠᠮ ᠤᠨ ᠭᠡᠰᠢᠭᠦᠨ᠂ ᠣᠢ ᠰᠢᠭᠤᠢ ᠬᠠᠮᠠᠭᠠᠯᠠᠭᠴᠢ᠂ ᠴᠡᠪᠡᠷᠯᠡᠭᠴᠢ ᠪᠠ ᠰᠠᠶᠢᠨ ᠳᠤᠷᠠᠴᠤᠳ ᠵᠡᠷᠭᠡ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠢ ᠣᠷᠣᠯᠴᠠᠵᠤ᠂ ᠬᠥᠮᠦᠨ ᠤ ᠬᠦᠴᠦᠨ ᠢᠶᠠᠷ ᠭᠤᠣᠯᠳᠠᠭᠤ ᠵᠠᠮ ᠳᠠᠭᠠᠤ ᠶᠢᠨ ᠴᠠᠭᠠᠨ ᠥᠩᠭᠡᠲᠦ ᠬᠤᠭ ᠨᠣᠪᠰᠢ ᠪᠠ ᠬᠠᠶᠠᠭᠳᠠᠮᠠᠯ ᠪᠣᠳᠠᠰ ᠢ ᠲᠡᠭᠦᠵᠦ ᠠᠪᠴᠤ᠂ ᠬᠥᠳᠡᠯᠭᠡᠨ ᠬᠡᠷᠡᠭᠯᠡᠬᠦ ᠬᠤᠰᠤᠭᠤᠷ ᠲᠡᠷᠭᠡ ᠵᠡᠷᠭᠡ ᠲᠣᠮᠣ ᠬᠡᠯᠪᠡᠷᠢ ᠶᠢᠨ ᠮᠠᠰᠢᠨ ᠮᠧᠬᠠᠨᠢᠭ ᠢᠶᠠᠷ ᠬᠤᠭ ᠨᠣᠪᠰᠢ ᠪᠠ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠨ᠎ᠡ᠃ ᠨᠡᠶᠢᠲᠡ 500 ᠭᠠᠷᠤᠢ ᠬᠥᠮᠦᠨ᠂ 50 ᠭᠠᠷᠤᠢ ᠲᠡᠷᠭᠡ ᠬᠥᠳᠡᠯᠭᠡᠵᠦ᠂ 20 ᠭᠠᠷᠤᠢ ᠲᠣᠨ ᠬᠤᠭ ᠨᠣᠪᠰᠢ ᠶᠢ ᠴᠡᠪᠡᠷᠯᠡᠪᠡ᠃ ᠰᠠᠶᠢᠨ ᠳᠤᠷ᠎ᠠ ᠶᠢᠨ ᠦᠢᠯᠡᠴᠢᠯᠡᠭᠴᠢᠳ ᠴᠠᠭ ᠠᠭᠤᠷ ᠤᠨ ᠡᠪ ᠦᠭᠡᠢ ᠪᠠᠶᠢᠳᠠᠯ ᠢ ᠢᠯᠠᠨ ᠳᠠᠪᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠣᠷᠴᠢᠨ ᠲᠣᠭᠤᠷᠢᠨ ᠢ ᠬᠠᠶᠢᠷᠠᠯᠠᠨ ᠬᠠᠮᠠᠭᠠᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾ ᠭᠡᠬᠦ ᠣᠶᠢᠯᠠᠭᠠᠭᠳᠠᠬᠤᠨ ᠢ ᠲᠠᠶᠢᠯᠪᠤᠷᠢᠯᠠᠭᠰᠠᠨ ᠪᠥᠭᠡᠳ ᠨᠡᠩ ᠴᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠵᠤ᠂ ᠴᠡᠪᠡᠷ ᠴᠡᠮᠴᠡᠭᠡᠷ ᠲᠠᠭᠠᠯᠠᠮᠵᠢᠲᠠᠢ ᠣᠷᠴᠢᠨ ᠲᠣᠭᠤᠷᠢᠨ ᠢ ᠪᠣᠢ ᠪᠣᠯᠭᠠᠵᠤ᠂ ᠬᠠᠷᠢᠶ᠎ᠠ ᠣᠷᠣᠨ ᠤ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠣᠯᠤᠨ ᠬᠦᠷᠲᠡᠮᠵᠢ ᠶᠢᠨ ᠲᠥᠷᠥᠭᠳᠡᠯ ᠢ ᠪᠦᠬᠦ ᠲᠠᠯ᠎ᠠ ᠪᠠᠷ ᠳᠡᠭᠡᠭᠰᠢᠯᠡᠭᠦᠯᠪᠡ︕    ᠭᠤᠷᠪᠠ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠬᠠᠪᠤᠷ ᠤᠨ ᠤᠯᠠᠷᠢᠯ ᠤᠨ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠴᠡᠪᠡᠷ ᠴᠡᠮᠴᠡᠭᠡᠷ᠂ ᠡᠷᠡᠭᠦᠯ ᠡᠩᠬᠡ ᠬᠠᠷᠢᠶ᠎ᠠ ᠣᠷᠣᠨ ᠤ ᠣᠷᠴᠢᠨ ᠲᠣᠭᠤᠷᠢᠨ ᠢ ᠪᠣᠢ ᠪᠣᠯᠭᠠᠬᠤ ᠶᠢᠨ ᠲᠥᠯᠥᠭᠡ᠃ 4 ᠰᠠᠷ᠎ᠠ ᠶᠢᠨ 17᠎ ᠤ ᠡᠳᠦᠷ ᠤᠨ ᠦᠳᠡ ᠶᠢᠨ ᠡᠮᠦᠨ᠎ᠡ᠂ ᠪᠠᠶᠠᠨᠨᠠᠭᠤᠷ ᠰᠤᠮᠤ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠭᠡᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠠᠢ ᠬᠠᠮᠲᠤᠷᠠᠨ ᠬᠠᠷᠢᠶ᠎ᠠ ᠣᠷᠣᠨ ᠤ ᠰᠤᠷᠭᠠᠭᠤᠯᠢ᠂ ᠳᠡᠯᠭᠡᠭᠦᠷ᠂ ᠬᠤᠭᠤᠯᠠᠨ ᠭᠡᠷ ᠲᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠲᠤᠰᠬᠠᠢ ᠪᠠᠶᠢᠴᠠᠭᠠᠯᠲᠠ ᠥᠷᠨᠢᠭᠦᠯᠪᠡ᠃ ᠡᠵᠡᠩᠨᠡᠯᠲᠡ ᠶᠢᠨ ᠡᠷᠦᠬᠡ ᠶᠢ ᠰᠢᠪᠠᠳᠠᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠷᠭ᠎ᠠ ᠬᠡᠮᠵᠢᠶ᠎ᠡ ᠶᠢ ᠦᠨᠡᠨ ᠬᠦ ᠰᠠᠶᠢᠲᠤᠷ ᠨᠠᠶᠢᠳᠠᠪᠤᠷᠢᠵᠢᠭᠤᠯᠵᠤ᠂ ᠰᠤᠮᠤᠨ ᠤ ᠬᠠᠷᠢᠶ᠎ᠠ ᠣᠷᠣᠨ ᠤ ᠳᠡᠯᠭᠡᠭᠦᠷ᠂ ᠢᠳᠡᠭᠡᠨ ᠤᠮᠳᠠᠭᠠᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠳᠠᠬᠢᠨ ᠳᠡᠰ ᠳᠡᠪᠰᠢᠬᠦ ᠶᠢ ᠠᠬᠢᠭᠤᠯᠪᠠ᠃    ᠳᠠᠷᠠᠭᠠᠴᠢ ᠶᠢᠨ ᠠᠯᠬᠤᠮ ᠳᠤ᠂ ᠪᠠᠶᠠᠨᠨᠠᠭᠤᠷ ᠰᠤᠮᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠦᠷᠭᠦᠯᠵᠢᠯᠡᠨ ᠥᠷᠨᠢᠭᠦᠯᠵᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤᠵᠢᠭᠤᠯᠵᠤ᠂ ᠤᠷᠲᠤ ᠬᠤᠭᠤᠴᠠᠭ᠎ᠠ ᠪᠠᠷ ᠪᠦᠲᠦᠮᠵᠢᠲᠡᠢ ᠥᠷᠨᠢᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠬᠡᠯᠪᠡᠷᠢ ᠶᠢ ᠦᠢᠯᠡᠳᠦᠯᠭᠡᠵᠢᠭᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠵᠤ᠂ ᠪᠣᠳᠠᠲᠠᠢ ᠠᠳᠬᠤᠵᠤ᠂ ᠨᠠᠷᠢᠯᠢᠭ ᠠᠳᠬᠤᠬᠤ ᠪᠠᠷ ᠴᠢᠷᠮᠠᠶᠢᠵᠤ᠂ ᠬᠠᠷᠢᠶ᠎ᠠ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠠᠰᠤ ᠴᠢᠨᠠᠷ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号