ᠪᠠᠶᠠᠨᠨᠠᠭᠤᠷ ᠰᠤᠮᠤ ︽4 · 15︾᠎ ᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/18
   ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠤᠱᠯᠠᠭᠤᠯᠵᠤ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠦᠨᠡᠨᠬᠦ ᠴᠢᠩᠭᠠᠳᠬᠠᠵᠤ᠂ ᠬᠥᠮᠦᠨ ᠪᠦᠬᠦᠨ ᠠᠩᠬᠠᠷᠴᠤ ᠬᠠᠯᠠᠮᠵᠢᠯᠠᠬᠤ ᠶᠢ ᠮᠡᠳᠡᠬᠦ᠂ ᠤᠯᠤᠰ ᠤᠨ ᠠᠮᠤᠷ ᠲᠦᠪᠰᠢᠨ ᠳᠤ ᠣᠷᠣᠯᠴᠠᠬᠤ ᠶᠢ ᠳᠡᠮᠵᠢᠬᠦ ᠭᠦᠨ ᠵᠤᠵᠠᠭᠠᠨ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠣᠢ ᠪᠣᠯᠭᠠᠬᠤ ᠶᠢᠨ ᠲᠥᠯᠥᠭᠡ᠂ 4 ᠰᠠᠷ᠎ᠠ ᠶᠢᠨ 13᠎ ᠤ ᠡᠳᠦᠷ᠂ ᠪᠠᠶᠠᠨᠨᠠᠭᠤᠷ ᠰᠤᠮᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃ ᠭᠡᠷᠡᠯ ᠵᠢᠷᠤᠭ    ᠠᠵᠢᠯᠯᠠᠭ᠎ᠠ ᠶᠢᠨ ᠳᠤᠮᠳᠠ᠂ ᠰᠤᠮᠤᠨ ᠤ ᠺᠠᠳ᠋ᠷ ᠠᠵᠢᠯᠲᠠᠨ ᠠᠵᠢᠯᠴᠢᠨ᠂ ᠰᠠᠶᠢᠨ ᠳᠤᠷ᠎ᠠ ᠶᠢᠨ ᠦᠢᠯᠡᠴᠢᠯᠡᠭᠴᠢ ᠤᠬᠠᠭᠤᠯᠭ᠎ᠠ ᠶᠢᠨ ᠬᠥᠨᠳᠡᠯᠡᠨ ᠪᠢᠴᠢᠭᠡᠰᠦ᠂ ᠵᠠᠷᠯᠠᠯ ᠲᠠᠷᠬᠠᠭᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ ᠲᠦᠮᠡᠨ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠤᠬᠠᠭᠤᠯᠵᠤ᠂ ᠠᠷᠠᠳ ᠢᠷᠭᠡᠳ ᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠢ ᠥᠷᠭᠡᠨ ᠢᠶᠠᠷ ᠲᠦᠭᠡᠮᠡᠯᠵᠢᠭᠦᠯᠬᠦ ᠶᠢ ᠬᠥᠲᠥᠯᠥᠨ ᠵᠢᠯᠣᠭᠤᠳᠴᠤ᠂ ᠣᠯᠠᠨ ᠲᠦᠮᠡᠨ ᠤ ᠤᠬᠠᠮᠰᠠᠷ ᠠᠴᠠ ᠪᠠᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ ᠶᠢ ᠬᠥᠮᠦᠵᠢᠭᠦᠯᠦᠨ ᠬᠥᠲᠥᠯᠥᠨ ᠵᠢᠯᠣᠭᠤᠳᠬᠤ ᠶᠢᠨ ᠬᠠᠮᠲᠤ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠵᠡᠷᠭᠡ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠡᠯ᠎ᠡ ᠲᠠᠯ᠎ᠠ ᠶᠢ ᠤᠬᠠᠭᠤᠯᠵᠤ᠂ ᠮᠠᠯᠴᠢᠨ ᠲᠠᠷᠢᠶᠠᠴᠢᠨ ᠲᠦᠮᠡᠨ ᠳᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠢᠵᠡᠢ᠃    ᠳᠠᠷᠠᠭᠠᠴᠢ ᠶᠢᠨ ᠠᠯᠬᠤᠮ ᠳᠤ᠂ ᠪᠠᠶᠠᠨᠨᠠᠭᠤᠷ ᠰᠤᠮᠤ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号