ᠭᠤᠣᠯ ᠤᠨ ᠪᠠᠶᠢᠰᠢᠩ ᠪᠠᠯᠭᠠᠰᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠢᠳᠡᠪᠬᠢᠲᠡᠢ ᠥᠷᠨᠢᠭᠦᠯᠪᠡ
ᠨᠡᠶᠢᠲᠡᠯᠡᠭᠰᠡᠨ ᠴᠠᠭ᠄
2024/4/18
   2024᠎ ᠤᠨ ᠪᠣᠯ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠦᠭᠰᠡᠨ 36 ᠳ᠋ᠤᠭᠠᠷ ᠵᠢᠯ ᠪᠣᠯᠤᠨ᠎ᠠ᠂ ᠮᠠᠨ ᠤ ᠪᠠᠯᠭᠠᠰᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠤᠯᠠᠮᠵᠢᠯᠠᠯ ᠢ ᠢᠳᠡᠪᠬᠢᠲᠡᠢ ᠦᠢᠯᠡᠳᠦᠯᠭᠡᠵᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠭᠤᠣᠯ ᠰᠡᠳᠦᠪᠲᠦ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢ ᠥᠷᠨᠢᠭᠦᠯᠵᠦ᠂ ᠪᠦᠬᠦ ᠪᠠᠯᠭᠠᠰᠤᠨ ᠤ ᠺᠠᠳ᠋ᠷ ᠣᠯᠠᠨ ᠲᠦᠮᠡᠨ ᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠳᠤ ᠣᠷᠣᠯᠴᠠᠬᠤ ᠶᠢ ᠤᠷᠢᠶᠠᠯᠠᠪᠠ᠃ ᠣᠶᠢᠷ᠎ᠠ ᠳᠤ᠂ ᠭᠤᠣᠯ ᠤᠨ ᠪᠠᠶᠢᠰᠢᠩ ᠪᠠᠯᠭᠠᠰᠤ ᠺᠠᠳ᠋ᠷ ᠣᠯᠠᠨ ᠲᠦᠮᠡᠨ ᠢ ᠵᠣᠬᠢᠶᠠᠨ ᠪᠠᠶᠢᠭᠤᠯᠵᠤ ᠭᠡᠷ ᠤᠨ ᠭᠠᠳᠠᠨᠠᠬᠢ ᠬᠤᠭ ᠨᠣᠪᠰᠢ ᠶᠢ ᠴᠡᠪᠡᠷᠯᠡᠬᠦ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠡᠯ᠎ᠡ ᠭᠠᠴᠠᠭᠠᠨ ᠤ ᠬᠤᠶᠠᠷ ᠵᠥᠪᠯᠡᠯ᠂ ᠨᠠᠮ ᠤᠨ ᠭᠡᠰᠢᠭᠦᠨ᠂ ᠣᠢ ᠰᠢᠭᠤᠢ ᠬᠠᠮᠠᠭᠠᠯᠠᠭᠴᠢ᠂ ᠴᠡᠪᠡᠷᠯᠡᠭᠴᠢ ᠪᠠ ᠰᠠᠶᠢᠨ ᠳᠤᠷᠠᠴᠤᠳ ᠵᠡᠷᠭᠡ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠢ ᠣᠷᠣᠯᠴᠠᠵᠤ᠂ ᠬᠥᠮᠦᠨ ᠤ ᠬᠦᠴᠦᠨ ᠢᠶᠠᠷ ᠭᠤᠣᠯᠳᠠᠭᠤ ᠵᠠᠮ ᠳᠠᠭᠠᠤ ᠶᠢᠨ ᠴᠠᠭᠠᠨ ᠥᠩᠭᠡᠲᠦ ᠬᠤᠭ ᠨᠣᠪᠰᠢ ᠪᠠ ᠬᠠᠶᠠᠭᠳᠠᠮᠠᠯ ᠪᠣᠳᠠᠰ ᠢ ᠲᠡᠭᠦᠵᠦ ᠠᠪᠴᠤ᠂ ᠬᠥᠳᠡᠯᠭᠡᠨ ᠬᠡᠷᠡᠭᠯᠡᠬᠦ ᠬᠤᠰᠤᠭᠤᠷ ᠲᠡᠷᠭᠡ ᠵᠡᠷᠭᠡ ᠲᠣᠮᠣ ᠬᠡᠯᠪᠡᠷᠢ ᠶᠢᠨ ᠮᠠᠰᠢᠨ ᠮᠧᠬᠠᠨᠢᠭ ᠢᠶᠠᠷ ᠬᠤᠭ ᠨᠣᠪᠰᠢ ᠪᠠ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠨ᠎ᠡ᠃ ᠪᠦᠷᠢᠳᠬᠡᠯ ᠢ ᠦᠨᠳᠦᠰᠦᠯᠡᠪᠡᠯ᠂ ᠣᠶᠢᠷ᠎ᠠ ᠶᠢᠨ ᠡᠳᠦᠷ ᠤᠳ ᠲᠤ᠂ ᠨᠡᠶᠢᠲᠡ 400 ᠭᠠᠷᠤᠢ ᠬᠥᠮᠦᠨ ᠤ ᠬᠦᠴᠦᠨ᠂ 30 ᠭᠠᠷᠤᠢ ᠲᠡᠷᠭᠡ ᠬᠥᠳᠡᠯᠭᠡᠵᠦ᠂ 10 ᠭᠠᠷᠤᠢ ᠲᠣᠨ ᠬᠤᠭ ᠨᠣᠪᠰᠢ ᠶᠢ ᠴᠡᠪᠡᠷᠯᠡᠪᠡ᠃ ᠰᠠᠶᠢᠨ ᠳᠤᠷ᠎ᠠ ᠶᠢᠨ ᠦᠢᠯᠡᠴᠢᠯᠡᠭᠴᠢᠳ ᠴᠠᠭ ᠠᠭᠤᠷ ᠤᠨ ᠡᠪ ᠦᠭᠡᠢ ᠪᠠᠶᠢᠳᠠᠯ ᠢ ᠢᠯᠠᠨ ᠳᠠᠪᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠣᠷᠴᠢᠨ ᠲᠣᠭᠤᠷᠢᠨ ᠢ ᠬᠠᠶᠢᠷᠠᠯᠠᠨ ᠬᠠᠮᠠᠭᠠᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾ ᠭᠡᠬᠦ ᠣᠶᠢᠯᠠᠭᠠᠭᠳᠠᠬᠤᠨ ᠢ ᠲᠠᠶᠢᠯᠪᠤᠷᠢᠯᠠᠭᠰᠠᠨ ᠪᠥᠭᠡᠳ ᠨᠡᠩ ᠴᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠵᠤ᠂ ᠴᠡᠪᠡᠷ ᠴᠡᠮᠴᠡᠭᠡᠷ ᠲᠠᠭᠠᠯᠠᠮᠵᠢᠲᠠᠢ ᠣᠷᠴᠢᠨ ᠲᠣᠭᠤᠷᠢᠨ ᠢ ᠪᠣᠢ ᠪᠣᠯᠭᠠᠵᠤ᠂ ᠬᠠᠷᠢᠶ᠎ᠠ ᠣᠷᠣᠨ ᠤ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠣᠯᠤᠨ ᠬᠦᠷᠲᠡᠮᠵᠢ ᠶᠢᠨ ᠲᠥᠷᠥᠭᠳᠡᠯ ᠢ ᠪᠦᠬᠦ ᠲᠠᠯ᠎ᠠ ᠪᠠᠷ ᠳᠡᠭᠡᠭᠰᠢᠯᠡᠭᠦᠯᠪᠡ︕    ᠳᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠦᠷᠭᠦᠯᠵᠢᠯᠡᠨ ᠥᠷᠨᠢᠭᠦᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠭᠤᠷᠠᠢ ᠲᠠᠯ᠎ᠠ ᠪᠠ ᠡᠷᠡᠭᠦᠯ ᠬᠠᠮᠠᠭᠠᠯᠠᠯ ᠤᠨ ᠦᠯᠦ ᠣᠨᠣᠭᠳᠠᠬᠤ ᠭᠠᠵᠠᠷ ᠢ ᠴᠢᠩᠭ᠎ᠠ ᠠᠩᠬᠠᠷᠴᠤ᠂ ᠡᠷᠴᠢ ᠵᠣᠷᠢᠭ ᠢᠶᠠᠨ ᠰᠤᠯᠠᠷᠠᠭᠤᠯᠬᠤ ᠦᠭᠡᠢ᠂ ᠡᠷᠴᠢᠮ ᠢᠶᠠᠨ ᠰᠤᠯᠠᠷᠠᠭᠤᠯᠬᠤ ᠦᠭᠡᠢ᠂ ᠪᠠᠷᠢᠮᠵᠢᠶ᠎ᠠ ᠪᠠᠨ ᠪᠠᠭᠤᠷᠠᠭᠤᠯᠬᠤ ᠦᠭᠡᠢ ᠪᠠᠶᠢᠵᠤ᠂ ᠪᠠᠯᠭᠠᠰᠤ ᠭᠠᠴᠠᠭᠠᠨ ᠤ ᠺᠠᠳ᠋ᠷ᠂ ᠴᠡᠪᠡᠷᠯᠡᠭᠴᠢ ᠵᠡᠷᠭᠡ ᠬᠦᠴᠦᠨ ᠢ ᠵᠣᠬᠢᠶᠠᠨ ᠪᠠᠶᠢᠭᠤᠯᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤᠵᠢᠭᠤᠯᠵᠤ᠂ ᠤᠷᠲᠤ ᠬᠤᠭᠤᠴᠠᠭ᠎ᠠ ᠪᠠᠷ ᠪᠦᠲᠦᠮᠵᠢᠲᠡᠢ ᠥᠷᠨᠢᠭᠦᠯᠵᠦ᠂ ᠬᠠᠷᠢᠶᠠᠲᠤ ᠣᠷᠣᠨ ᠤ ᠣᠷᠴᠢᠨ ᠲᠣᠭᠤᠷᠢᠨ ᠤ ᠳᠦᠷᠰᠦ ᠪᠠᠶᠢᠳᠠᠯ ᠢ ᠴᠢᠨᠠᠷ ᠰᠠᠶᠢᠲᠠᠢ ᠳᠡᠭᠡᠭᠰᠢᠯᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号