ᠭᠤᠣᠯ ᠤᠨ ᠪᠠᠶᠢᠰᠢᠩ ᠪᠠᠯᠭᠠᠰᠤ ︽ᠵᠢᠷᠭᠤᠭᠠᠨ ᠦᠭᠡ ᠶᠢᠨ ᠪᠣᠳᠠᠲᠤ ᠬᠡᠷᠡᠭ ᠪᠠ ᠶᠣᠰᠣ︾ ᠭᠡᠬᠦ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/4/18
   4 ᠰᠠᠷ᠎ᠠ ᠶᠢᠨ 17᠎ ᠤ ᠡᠳᠦᠷ᠂ ᠭᠤᠣᠯ ᠤᠨ ᠪᠠᠶᠢᠰᠢᠩ ᠪᠠᠯᠭᠠᠰᠤᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢ ᠤᠷᠢᠵᠤ ᠯᠠᠭ ᠪᠠᠭᠰᠢ ᠲᠠᠢ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ︾ ᠭᠡᠬᠦ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠢ ᠥᠷᠨᠢᠭᠦᠯᠪᠡ᠃ ᠭᠤᠣᠯ ᠤᠨ ᠪᠠᠶᠢᠰᠢᠩ ᠪᠠᠯᠭᠠᠰᠤᠨ ᠤ ᠪᠦᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃    ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠵᠢᠷᠭᠠᠯ ᠪᠠᠭᠰᠢ ᠨᠠᠷ ᠲᠠᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠶᠢᠵᠤ᠂ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ︾᠎ ᠶᠢᠨ ᠭᠦᠨ ᠳᠠᠪᠬᠤᠷᠭ᠎ᠠ ᠶᠢᠨ ᠠᠴᠢ ᠬᠤᠯᠪᠣᠭᠳᠠᠯ ᠢ ᠨᠠᠷᠢᠨ ᠲᠠᠶᠢᠯᠪᠤᠷᠢᠯᠠᠪᠠ᠃ ᠨᠠᠷᠢᠨ ᠪᠣᠳᠠᠲᠠᠢ᠂ ᠰᠢᠭᠤᠳ ᠦᠵᠡᠭᠦᠯᠦᠯᠭᠡ ᠶᠢᠨ ᠲᠡᠦᠬᠡᠨ ᠮᠠᠲ᠋ᠧᠷᠢᠶᠠᠯ ᠪᠣᠯᠤᠨ ᠪᠣᠳᠠᠲᠤ ᠵᠢᠱᠢᠶ᠎ᠡ ᠪᠠᠷ ᠥᠪᠥᠷ ᠮᠣᠩᠭᠤᠯ ᠤᠨ ᠬᠥᠭᠵᠢᠯᠲᠡ ᠶᠢᠨ ᠶᠠᠪᠤᠴᠠ ᠶᠢ ᠲᠣᠳᠣᠷᠬᠠᠶᠢᠯᠠᠨ ᠥᠭᠦᠯᠡᠵᠦ᠂ ︽ᠵᠢᠷᠭᠤᠭᠠᠨ ᠦᠭᠡ︾᠎ ᠶᠢᠨ ᠪᠠᠶᠠᠯᠢᠭ ᠠᠭᠤᠯᠤᠭᠳᠠᠬᠤᠨ ᠢ ᠵᠠᠳᠠᠯᠵᠤ᠂ ᠣᠯᠠᠨ ᠢ ᠳᠠᠭᠠᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠲᠤᠬᠠᠢ ᠬᠠᠯᠠᠮᠵᠢᠯᠠᠯ ᠪᠠ ᠬᠦᠰᠡᠯ ᠡᠷᠡᠮᠡᠯᠵᠡᠯ ᠢ ᠨᠡᠩ ᠭᠦᠨᠵᠡᠭᠡᠢ ᠣᠶᠢᠯᠠᠭᠠᠨ ᠣᠶᠢᠯᠠᠭᠠᠭᠤᠯᠵᠤ᠂ ᠪᠦᠬᠦ ᠺᠠᠳ᠋ᠷ ᠠᠵᠢᠯᠲᠠᠨ ᠠᠵᠢᠯᠴᠢᠨ ᠤ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠡᠷᠡᠰ ᠵᠣᠷᠢᠭ ᠪᠠ ᠢᠲᠡᠭᠡᠯ ᠢ ᠤᠯᠠᠮ ᠨᠢᠭᠡ ᠠᠯᠬᠤᠮ ᠪᠠᠲᠤᠳᠬᠠᠪᠠ᠃    ᠬᠤᠷᠠᠯ ᠳᠤ ᠣᠷᠣᠯᠴᠠᠭᠰᠠᠳ᠂ ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠵᠦᠢ︾᠎ ᠶᠢ ᠡᠳᠦᠷ ᠲᠤᠲᠤᠮ ᠤᠨ ᠠᠵᠢᠯ ᠤᠨ ᠳᠤᠮᠳᠠ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠢ ᠪᠣᠯᠭᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠦᠨᠡᠨ ᠬᠦ ᠰᠠᠶᠢᠲᠤᠷ ᠬᠢᠵᠦ᠂ ︽ᠰᠢᠨ᠎ᠡ ᠵᠠᠮ ᠢ ᠨᠡᠭᠡᠭᠡᠵᠦ᠂ ᠳᠤᠮᠳᠠᠳᠤ ᠤᠯᠤᠰ ᠤᠨ ᠵᠢᠭᠤᠯᠴᠢᠯᠠᠯ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠶᠢᠨ ᠴᠢᠬᠤᠯᠠ ᠠᠴᠢ ᠬᠤᠯᠪᠣᠭᠳᠠᠯ ᠢ ᠦᠨᠡᠨ ᠬᠦ ᠣᠶᠢᠯᠠᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号