ᠬᠤᠶᠠᠷᠰᠤᠮᠤ ᠪᠠᠯᠭᠠᠰᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠠᠬᠢᠨ ᠰᠢᠨ᠎ᠡ ᠪᠠᠶᠢᠳᠠᠯ ᠢ ᠪᠣᠢ ᠪᠣᠯᠭᠠᠪᠠ
ᠨᠡᠶᠢᠲᠡᠯᠡᠭᠰᠡᠨ ᠴᠠᠭ᠄
2024/4/18
   ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠣᠯᠠᠨ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠶᠠᠷᠰᠤᠮᠤ ᠪᠠᠯᠭᠠᠰᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠲᠣᠰᠬᠤᠨ ᠤ ᠳᠦᠷᠰᠦ ᠪᠠᠶᠢᠳᠠᠯ ᠢ ᠶᠡᠬᠡᠪᠡᠷ ᠳᠡᠭᠡᠭᠰᠢᠯᠡᠭᠦᠯᠬᠦ ᠶᠢ ᠠᠬᠢᠭᠤᠯᠪᠠ᠃    ᠲᠤᠰ ᠤᠳᠠᠭᠠᠨ ᠤ ᠠᠵᠢᠯᠯᠠᠭ᠎ᠠ ᠶᠢ ᠡᠯ᠎ᠡ ᠭᠠᠴᠠᠭᠠᠨ ᠤ ︽ᠬᠤᠶᠠᠷ ᠵᠥᠪᠯᠡᠯ︾᠎ ᠤᠨ ᠺᠠᠳ᠋ᠷ ᠲᠦᠷᠦᠭᠦᠯᠡᠨ ᠬᠢᠵᠦ᠂ ᠨᠠᠮ ᠤᠨ ᠭᠡᠰᠢᠭᠦᠨ᠂ ᠰᠠᠶᠢᠨ ᠳᠤᠷᠠᠴᠤᠳ᠂ ᠴᠡᠪᠡᠷᠯᠡᠭᠴᠢ᠂ ᠣᠯᠠᠨ ᠲᠦᠮᠡᠨ ᠢ ᠳᠠᠶᠢᠴᠢᠯᠠᠨ ᠬᠠᠮᠲᠤᠪᠠᠷ ᠣᠷᠣᠯᠴᠠᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠴᠡᠪᠡᠷᠯᠡᠵᠦ᠂ ᠭᠤᠣᠯ ᠵᠠᠮ ᠳᠠᠭᠠᠤ᠂ ᠲᠣᠰᠬᠤᠨ ᠤ ᠳᠣᠲᠣᠷᠠᠬᠢ ᠭᠤᠳᠤᠮᠵᠢ ᠶᠢᠨ ᠵᠠᠮ᠂ ᠵᠠᠮ ᠬᠠᠷᠢᠯᠴᠠᠭᠠᠨ ᠤ ᠱᠤᠭᠤᠮ ᠤᠨ ᠬᠤᠶᠠᠷ ᠬᠠᠵᠠᠭᠤ ᠪᠠᠷ ᠬᠤᠭ ᠨᠣᠪᠰᠢ ᠣᠪᠣᠭᠠᠯᠠᠵᠤ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠶᠢᠨ ᠪᠠᠭᠠᠰᠤᠨ ᠪᠣᠬᠢᠷᠲᠤᠯ ᠢ ᠴᠡᠭᠴᠡᠯᠡᠨ ᠵᠠᠰᠠᠬᠤ ᠪᠠᠷ ᠭᠤᠣᠯᠳᠠᠯᠭ᠎ᠠ ᠪᠣᠯᠭᠠᠵᠤ᠂ ︽ᠮᠧᠬᠠᠨᠢᠭ ᠬᠥᠮᠦᠨ ᠤ ᠬᠦᠴᠦᠨ︾᠎ ᠤ ᠵᠠᠭᠪᠤᠷ ᠢ ᠠᠪᠴᠤ᠂ ᠭᠤᠣᠯᠳᠠᠯᠭ᠎ᠠ ᠲᠠᠢ ᠣᠷᠣᠨ ᠪᠦᠰᠡ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢᠨ ᠬᠠᠮᠲᠤ ᠪᠦᠬᠦ ᠣᠷᠣᠨ ᠪᠦᠰᠡ ᠲᠡᠰᠢ ᠥᠷᠭᠡᠳᠬᠡᠵᠦ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠵᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠵᠤ ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠤᠷᠲᠤ ᠬᠤᠭᠤᠴᠠᠭ᠎ᠠ ᠪᠠᠷ ᠴᠡᠪᠡᠷᠯᠡᠬᠦ ᠶᠢ ᠦᠨᠡᠨᠬᠦ ᠪᠠᠲᠤᠯᠠᠪᠠ᠃    ᠣᠶᠢᠯᠠᠭᠠᠭᠰᠠᠨ ᠢᠶᠠᠷ᠂ ᠲᠤᠰ ᠤᠳᠠᠭᠠᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠭᠤᠷᠪᠠᠨ ᠬᠦᠷᠳᠦᠲᠦ ᠲᠡᠷᠭᠡ᠂ ᠤᠳᠬᠤᠭᠤᠷ ᠲᠡᠷᠭᠡ᠂ ᠬᠥᠷᠪᠡᠭᠦᠯᠬᠦ ᠮᠠᠰᠢᠨ᠂ ᠭᠤᠬ᠎ᠠ ᠮᠠᠰᠢᠨ ᠵᠡᠷᠭᠡ ᠮᠠᠰᠢᠨ ᠮᠧᠬᠠᠨᠢᠭ ᠢ ᠬᠥᠳᠡᠯᠭᠡᠵᠦ᠂ ᠨᠡᠶᠢᠲᠡ 120 ᠲᠣᠨ ᠡᠯᠳᠡᠪ ᠡᠪᠡᠰᠦ ᠡᠯᠳᠡᠪ ᠪᠣᠳᠠᠰ ᠵᠢᠴᠢ ᠡᠯ᠎ᠡ ᠲᠥᠷᠥᠯ ᠤᠨ ᠬᠤᠭ ᠨᠣᠪᠰᠢ ᠶᠢ ᠴᠡᠪᠡᠷᠯᠡᠪᠡ᠃ ᠳᠠᠷᠠᠭᠠᠴᠢ ᠶᠢᠨ ᠠᠯᠬᠤᠮ ᠳᠤ᠂ ᠬᠤᠶᠠᠷ ᠰᠤᠮᠤ ᠪᠠᠯᠭᠠᠰᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠡᠵᠡᠨ ᠬᠥᠮᠦᠨ︾᠎ ᠤ ᠤᠬᠠᠮᠰᠠᠷ ᠢ ᠴᠢᠩᠭᠠᠳᠬᠠᠵᠤ᠂ ᠣᠯᠠᠨ ᠲᠦᠮᠡᠨ ᠢ ᠥᠷᠭᠡᠨ ᠢᠶᠠᠷ ᠲᠡᠶᠢᠴᠢᠯᠡᠨ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢ ᠪᠠᠲᠤᠯᠠᠵᠤ᠂ ᠭᠡᠷ ᠤᠨ ᠡᠮᠦᠨ᠎ᠡ ᠬᠤᠶᠢᠨᠠᠬᠢ ᠠᠮᠢᠳᠤᠷᠠᠯ ᠤᠨ ᠬᠤᠭ ᠨᠣᠪᠰᠢ ᠶᠢ ᠤᠬᠠᠮᠰᠠᠷ ᠠᠴᠠ ᠪᠠᠨ ᠴᠡᠪᠡᠷᠯᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠴᠡᠪᠡᠷ ᠴᠡᠮᠴᠡᠭᠡᠷ᠂ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠣᠷᠴᠢᠨ ᠲᠣᠭᠤᠷᠢᠨ ᠢ ᠪᠤᠢ ᠪᠣᠯᠭᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号