ᠡᠷᠳᠡᠨᠢ ᠰᠢᠰᠢ ᠶᠢᠨ ︽ᠲᠤᠰᠬᠠᠶ ᠮᠡᠷᠭᠡᠵᠢᠯᠲᠡᠨ︾᠎  ᠡᠯᠪᠡᠭ ᠬᠤᠷᠢᠶᠠᠯᠲᠠ ᠤᠯᠪᠠ
ᠨᠡᠶᠢᠲᠡᠯᠡᠭᠰᠡᠨ ᠴᠠᠭ᠄
2024/4/18
    ︽ᠨᠢᠳᠤᠨᠤᠨ ᠪᠦᠬᠡᠪᠠᠶᠠᠷ ᠤᠨ ᠵᠢᠯᠣᠭᠤᠳᠣᠯᠭ᠎ᠠ ᠳᠣᠤᠷ᠎ᠠ 50 ᠮᠥ ᠡᠷᠳᠡᠨᠢ ᠰᠢᠰᠢ ᠳᠠᠷᠢᠵᠤ᠂ ᠡᠬᠢᠯᠡᠬᠦ ᠳᠡᠭᠡᠨ ᠪᠡᠯᠡ ᠪᠠᠨ ᠠᠯᠳᠠᠬᠤ ᠠᠴᠠ ᠰᠠᠨᠠᠭ᠎ᠠ ᠵᠣᠪᠠᠵᠤ ᠪᠠᠶᠢᠨ᠎ᠠ᠂ ᠭᠡᠪᠡᠴᠦ ᠮᠢᠨᠦ ᠥᠩᠭᠡᠷᠡᠭᠰᠡᠨ ᠠᠴᠠ ᠪᠤᠰᠤᠳ ᠲᠠᠷᠢᠮᠠᠯ ᠳᠠᠷᠢᠪᠠᠯ ᠪᠦᠷ ᠵᠣᠭᠤᠰ ᠣᠯᠵᠤ᠂ ᠡᠨᠡ ᠵᠢᠯ ᠪᠢ ᠦᠷᠭᠦᠯᠵᠢᠯᠡᠨ ᠲᠡᠭᠦᠨ ᠲᠠᠢ ᠳᠠᠬᠢᠨ ᠬᠡᠳᠦᠨ ᠮᠥ ᠳᠠᠷᠢᠬᠤ ᠪᠠᠷ ᠲᠣᠭᠲᠠᠪᠠ︾ ᠭᠡᠵᠦ ᠬᠤᠳᠠᠬᠤᠸᠠ ᠭᠠᠴᠠᠭᠠᠨ ᠤ ᠮᠠᠯᠴᠢᠨ ᠲᠠᠷᠢᠶᠠᠴᠢᠨ  ᠬᠠᠰ ᠬᠡᠯᠡᠪᠡ᠃     ᠣᠯᠠᠨ ᠤ ᠠᠮᠠᠨ ᠳᠠᠬᠢ ᠪᠥᠬᠡᠪᠠᠶ ᠴᠠᠭᠠᠨ ᠴᠢᠷᠠᠶ ᠬᠠᠷᠠᠩᠭᠤᠶ ᠪᠥᠭᠡᠳ ᠴᠡᠭᠡᠵᠢ ᠭᠦᠨ᠂ ᠪᠡᠶ᠎ᠡ ᠪᠢᠯᠳᠠᠷ ᠨᠢ ᠪᠣᠳᠠᠲᠠᠶ᠂ ᠵᠢᠯ ᠲᠤᠷᠰᠢ ᠭᠠᠴᠠᠭ᠎ᠠ ᠲᠣᠰᠬᠤᠨ ᠤ ᠵᠠᠬᠢᠷᠭ᠎ᠠ ᠪᠠ ᠲᠠᠷᠢᠶᠠᠨ ᠭᠠᠵᠠᠷ ᠤᠨ ᠬᠤᠭᠤᠷᠣᠨᠳᠣ ᠶᠠᠪᠤᠵᠤ ᠪᠠᠶᠢᠳᠠᠭ᠃ ᠲᠡᠭᠦᠨ ᠤ ᠡᠰᠡᠷᠭᠦ ᠲᠠᠯ᠎ᠠ ᠳᠤ ᠰᠠᠭᠤᠪᠠᠯ᠂ ᠨᠢᠭᠡᠨ ᠠᠵᠢᠯᠴᠢ ᠬᠥᠳᠡᠯᠮᠦᠷᠢᠴᠢ ᠲᠠᠷᠢᠶᠠᠴᠢᠨ ᠤ ᠪᠣᠷᠣᠭᠵᠢᠭᠤᠨ ᠪᠠ ᠦᠨᠡᠨᠴᠢ ᠰᠢᠳᠤᠷᠭᠤ ᠶᠢ ᠣᠶᠢᠯᠠᠭᠠᠵᠤ ᠴᠢᠳᠠᠨ᠎ᠠ᠃    2015 ᠣᠨ ᠠᠴᠠ ᠡᠬᠢᠯᠡᠨ ᠪᠦᠬᠡᠪᠠᠶᠠᠷ ᠡᠷᠳᠡᠨᠢ ᠰᠢᠰᠢ ᠳᠠᠷᠢᠬᠤ ᠰᠤᠳᠤᠯᠭᠠᠨ ᠤ ᠳᠤᠮᠳᠠ ᠣᠯᠠᠨ ᠤᠳᠠᠭ᠎ᠠ ᠭᠠᠳᠠᠭᠰᠢ ᠭᠠᠷᠴᠤ ᠰᠤᠷᠤᠯᠴᠠᠨ ᠰᠢᠨᠵᠢᠯᠡᠨ ᠪᠠᠶᠢᠴᠠᠭᠠᠵᠤ᠂ ᠡᠩ ᠲᠡᠷᠢᠭᠦᠨ ᠳᠤ ᠡᠷᠳᠡᠨᠢ ᠰᠢᠰᠢ ᠶᠢ ᠭᠦᠢᠬᠡᠨ ᠪᠤᠯᠠᠵᠤ ᠳᠤᠰᠤᠯᠭᠠᠨ ᠤᠰᠤᠯᠠᠬᠤ ᠤᠰᠤ ᠪᠣᠷᠲᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ ᠣᠷᠣᠭᠤᠯᠤᠨ ᠠᠪᠴᠢᠷᠠᠵᠤ᠂ ᠲᠤᠬᠠᠶ ᠶᠢᠨ ᠭᠠᠵᠠᠷ ᠤᠨ ᠤᠰᠤᠨ ᠤ ᠡᠬᠢ ᠪᠠᠶᠠᠯᠢᠭ ᠤᠨ ᠰᠢᠯᠵᠢᠯᠲᠡ ᠬᠡᠲᠦ ᠮᠠᠯᠲᠠᠬᠤ᠂ ᠪᠦᠷᠢᠯᠭᠡᠬᠦ ᠬᠦᠨᠳᠦ ᠨᠣᠴᠢᠲᠠᠶ᠂ ᠳᠠᠷᠢᠬᠤ ᠠᠷᠭ᠎ᠠ ᠮᠠᠶ᠋ᠢᠭ ᠪᠦᠳᠦᠭᠦᠯᠢᠭ᠂ ᠤᠰᠤ ᠪᠣᠷᠳᠣᠭᠤᠷ ᠤᠨ ᠠᠰᠢᠭᠯᠠᠯᠲᠠ ᠶᠢᠨ ᠦᠷ᠎ᠡ ᠪᠦᠲᠦᠮᠵᠢ ᠥᠨᠳᠥᠷ ᠪᠤᠰᠤ᠂ ᠰᠦᠯᠢᠶᠣᠣ ᠪᠦᠷᠬᠦᠪᠴᠢ ᠶᠢᠨ ᠪᠣᠬᠢᠷᠲᠤᠯ ᠬᠦᠨᠳᠦ ᠨᠣᠴᠢᠲᠠᠶ ᠪᠠᠶᠢᠭ᠎ᠠ ᠵᠡᠷᠭᠡ ᠣᠯᠠᠨ ᠠᠰᠠᠭᠤᠳᠠᠯ ᠢ ᠰᠢᠢᠳᠪᠦᠷᠢᠯᠡᠪᠡ᠃ ᠣᠳᠣᠬᠠᠨ ᠳᠤ ᠭᠠᠴᠠᠭᠠᠨ ᠤ ᠶᠡᠭᠡ ᠪᠠᠭ᠎ᠠ ᠡᠷᠳᠡᠨᠢ ᠰᠢᠰᠢ ᠳᠠᠷᠢᠬᠤ ᠡᠷᠦᠬᠡ ᠠᠯᠢ ᠡᠷᠲᠡ ᠡᠨᠡ ᠬᠦ ᠮᠡᠷᠭᠡᠵᠢᠯ ᠢ ᠬᠠᠮᠤᠷᠴᠤ᠂ ᠲᠤᠬᠠᠶ ᠶᠢᠨ ᠭᠠᠵᠠᠷ ᠤᠨ ᠰᠢᠨᠵᠢᠯᠡᠬᠦ ᠤᠬᠠᠭᠠᠨᠴᠢ ᠪᠠᠷ ᠲᠠᠷᠢᠶᠠᠨ ᠭᠠᠵᠠᠷ ᠳᠠᠷᠢᠬᠤ ᠬᠢᠷᠢ ᠲᠦᠪᠰᠢᠨ ᠪᠠ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠠᠰᠢᠭ ᠣᠯᠵᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠪᠦᠬᠡᠴᠠᠭᠠᠨ ᠤ ᠳᠠᠭᠠᠭᠤᠯᠭ᠎ᠠ ᠪᠠᠷ ᠬᠤᠲᠣᠭᠤᠷ ᠭᠠᠴᠠᠭᠠᠨ ᠤ ᠮᠠᠯᠴᠢᠨ ᠲᠠᠷᠢᠶᠠᠴᠢᠨ ᠤ ᠡᠷᠳᠡᠨᠢ ᠰᠢᠰᠢ ᠳᠠᠷᠢᠬᠤ ᠢᠲᠡᠭᠡᠯ ᠵᠣᠷᠢᠭ ᠢ ᠨᠠᠩ ᠪᠠᠲᠤᠳᠬᠠᠪᠠ᠃     ᠨᠢᠳᠤᠨᠤᠨ ᠪᠦᠬᠡᠪᠠᠶᠠᠷ ᠪᠥᠬᠦ ᠤᠯᠤᠰ ᠤᠨ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮ ᠤᠨ ᠨᠥᠬᠦᠪᠥᠷᠢ ᠶᠢᠨ ᠲᠥᠷᠥᠯ ᠵᠦᠶ᠋ᠯ ᠢ ᠣᠶᠢᠯᠠᠭᠠᠵᠤ᠂ ᠵᠠᠰᠠᠭ ᠤᠨ ᠣᠷᠳᠣᠨ ᠤ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠳᠤᠨ ᠳᠠᠭᠠᠪᠠ᠃ ᠨᠢᠭᠡᠳᠦᠭᠡᠷ ᠤᠳᠠᠭ᠎ᠠ ᠲᠠᠷᠢᠬᠤ ᠮᠡᠷᠭᠡᠵᠢᠯ ᠨᠢ ᠲᠡᠭᠦᠨ ᠤ ᠡᠮᠦᠨ᠎ᠡ ᠲᠠᠯᠪᠢᠭᠳᠠᠵᠤ ᠪᠠᠶᠢᠭ᠎ᠠ ᠲᠡᠷᠢᠭᠦᠨ ᠴᠢᠬᠤᠯᠠ ᠬᠦᠴᠢᠷ ᠠᠰᠠᠭᠤᠳᠠᠯ ᠪᠣᠯᠵᠠᠢ᠃ ᠪᠢᠴᠢᠭ ᠮᠠᠲ᠋ᠧᠷᠢᠶᠠᠯ ᠦᠭᠡᠢ ᠪᠣᠯ ᠳᠠᠷᠤᠢ ᠨᠣᠮ ᠪᠢᠴᠢᠭ ᠬᠤᠳᠠᠯᠳᠤᠨ ᠠᠪᠴᠤ᠂ ᠰᠦᠯᠵᠢᠶᠡᠨ ᠳᠡᠭᠡᠷ᠎ᠡ ᠪᠠᠶᠢᠴᠠᠭᠠᠵᠤ᠂ ᠨᠢᠭᠡ ᠨᠢᠭᠡ ᠵᠣᠷᠪᠤᠰ ᠲᠡᠮᠲᠡᠷᠢᠵᠦ ᠲᠡᠷᠡ ᠬᠡᠪ ᠢᠶᠠᠷ ᠨᠢ ᠰᠤᠷᠭᠠᠨ᠎ᠠ︔ ᠲᠤᠷᠰᠢᠯᠭ᠎ᠠ ᠦᠭᠡᠢ ᠪᠣᠯ ᠮᠡᠷᠭᠡᠵᠢᠯᠲᠡᠨ ᠣᠷᠢᠶᠠᠵᠤ᠂ ᠨᠢᠭᠡ ᠨᠢᠭᠡ ᠠᠯᠬᠤᠮ ᠢᠶᠠᠷ ᠭᠠᠷ ᠬᠥᠳᠡᠯᠦᠨ ᠲᠣᠷᠰᠢᠨ᠎ᠠ︔ ᠬᠥᠳᠡᠯᠮᠦᠷᠢ ᠬᠦᠴᠦ ᠦᠭᠡᠢ ᠪᠣᠯ ᠬᠤᠶᠠᠭᠤᠯᠠ ᠬᠠᠮᠲᠤ ᠪᠠᠷ ᠵᠢᠭᠰᠠᠭᠠᠯ ᠳᠤ ᠭᠠᠷᠴᠤ ᠡᠭᠡᠯᠵᠢᠯᠡᠨ ᠬᠢᠵᠦ᠂ ᠡᠷᠲᠡ ᠭᠠᠷᠴᠤ ᠣᠷᠣᠢ ᠬᠠᠷᠢᠪᠠ᠃ ᠬᠠᠪᠤᠷ ᠤᠨ ᠲᠠᠷᠢᠶᠠᠯᠠᠭ᠎ᠠ ᠳᠤ ᠭᠠᠵᠠᠷ ᠲᠡᠭᠰᠢᠯᠡᠵᠦ᠂ ᠪᠤᠷᠳᠤᠭᠤᠷ ᠣᠷᠣᠭᠤᠯᠬᠤ ᠳᠤ ᠯᠤ᠋᠂ ᠬᠠᠪᠤᠷ ᠤᠨ ᠬᠤᠷ᠎ᠠ ᠥᠩᠭᠡᠷᠡᠭᠡᠭᠰᠡᠨ ᠤ ᠲᠠᠷᠠᠭ᠎ᠠ᠂ ᠬᠡᠰᠡᠭ ᠪᠦᠯᠦᠭ ᠨᠣᠭᠤᠭᠠᠨ ᠲᠤᠰᠤ ᠰᠢᠬᠠᠭᠰᠠᠨ ᠡᠷᠳᠡᠨᠢ ᠰᠢᠰᠢ ᠪᠠᠶᠢᠳᠠᠯ ᠢ ᠠᠮᠵᠢᠨ ᠤᠷᠭᠤᠵᠤ᠂ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠪᠦᠬᠡᠪᠠᠶᠠᠷ ᠨᠢᠳᠦᠨ ᠳᠤ ᠦᠵᠡᠭᠳᠡᠨ᠎ᠡ᠃     ︽ᠨᠢᠳᠤᠨᠤᠨ ᠮᠢᠨᠦ ᠲᠤᠷᠰᠢᠯᠲᠠ ᠶᠢᠨ ᠲᠠᠷᠢᠶ᠎ᠠ ᠨᠢ ᠮᠦ ᠪᠦᠷᠢ ᠶᠢᠨ ᠦᠢᠯᠡᠳᠬᠦᠨ ᠤ ᠥᠷᠲᠡᠭ ᠨᠢ 1800 ᠵᠢᠩ ᠳᠡᠭᠡᠨ ᠬᠦᠷᠴᠦ ᠡᠩ ᠤᠨ ᠡᠷᠳᠡᠨᠢ ᠰᠢᠰᠢ ᠠᠴᠠ 300 ᠵᠢᠩ ᠢᠯᠡᠭᠦᠦ ᠭᠠᠷᠴᠠᠢ᠂ ᠪᠢ ᠴᠦ ᠤᠯᠠᠨ ᠢ ᠳᠠᠭᠠᠭᠤᠯᠤᠨ ᠬᠠᠮᠲᠤ ᠪᠠᠷ ᠪᠠᠶᠠᠵᠢᠨ᠎ᠠ᠃︾ ᠪᠦᠭᠡᠪᠠᠶᠠᠷ ᠬᠡᠯᠡᠨ᠎ᠠ᠃ ᠥᠪᠡᠷ ᠤᠨ ᠲᠠᠷᠢᠶ᠎ᠠ ᠪᠠᠨ ᠰᠠᠶᠢᠲᠤᠷ ᠲᠠᠷᠢᠬᠤ ᠠᠴᠠ ᠭᠠᠳᠠᠨ᠎ᠠ᠂ ᠲᠡᠷᠡ ᠪᠠᠰᠠ ᠰᠠᠨᠠᠭᠠᠴᠢᠯᠠᠭ᠎ᠠ ᠠᠴᠠ ᠪᠠᠨ ᠪᠤᠰᠤᠳ ᠲᠠᠷᠢᠶᠠᠴᠢᠨ ᠡᠷᠦᠬᠡ ᠲᠠᠢ ᠬᠠᠷᠢᠯᠴᠠᠵᠤ ᠂ ᠡᠷᠳᠡᠨᠢ ᠰᠢᠰᠢ ᠶᠢᠨ ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠨ ᠥᠭᠴᠦ᠂ ᠡᠭᠦᠷᠭᠡ ᠬᠠᠷᠢᠭᠤᠴᠠᠯᠭ᠎ᠠ ᠳᠠᠭᠠᠨ ᠡᠷᠳᠡᠨᠢ ᠰᠢᠰᠢ ᠲᠠᠷᠢᠬᠤ ᠮᠡᠷᠭᠡᠵᠢᠯ ᠬᠠᠩᠭᠠᠪᠠ᠃ ᠶᠠᠮᠠᠷ ᠴᠠᠭ ᠲᠤ ᠡᠯ᠎ᠡ ᠵᠦᠢᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠢᠯᠡᠨ ᠵᠠᠰᠠᠵᠤ᠂ ᠬᠡᠵᠢᠶ᠎ᠡ ᠡᠷᠳᠡᠨᠢ ᠱᠢᠱᠢ ᠶᠢᠨ ᠨᠡᠢᠭᠡᠮᠯᠢᠭ ᠤᠨ ᠳᠠᠷᠤᠭ᠎ᠠ᠂ ᠶᠠᠮᠠᠷ ᠦᠶ᠎ᠡ ᠳᠤ ᠪᠣᠷᠳᠣᠭᠤᠷ ᠣᠷᠣᠭᠤᠯᠬᠤ ᠪᠣᠢ︖ ᠲᠡᠷᠡ ᠭᠤᠷᠪᠠᠨ ᠬᠦᠷᠳᠦᠲᠦ ᠲᠡᠷᠭᠡ ᠤᠨᠤᠵᠤ ᠰᠢᠭᠤᠳ ᠲᠠᠷᠢᠶᠠᠨ ᠭᠠᠵᠠᠷ ᠲᠤ ᠬᠦᠷᠴᠦ᠂ ᠭᠠᠷ ᠢᠶᠠᠷ ᠢᠶᠠᠨ ᠵᠢᠭᠠᠨ ᠰᠤᠷᠭᠠᠬᠤ ᠬᠡᠷᠡᠭᠲᠡᠢ᠃    ᠡᠨᠡ ᠵᠢᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠷᠳᠡᠨᠢ ᠰᠢᠰᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠡᠶᠢᠲᠡᠯᠡᠮᠡᠭᠴᠡ ᠪᠦᠬᠡᠪᠠᠶᠠᠷ ᠲᠡᠷᠡ ᠳᠠᠷᠤᠶ ᠳᠤᠨᠢ ᠢᠳᠡᠪᠬᠢᠲᠡᠶ ᠴᠤᠤᠷᠢᠶᠠᠲᠤᠨ ᠲᠠᠭᠠᠵᠠᠢ᠃ ︽ᠡᠨᠡ ᠵᠢᠯ ᠭᠠᠴᠠᠭᠠᠨ ᠤ ᠴᠥᠭᠡᠨ ᠪᠤᠰᠤ ᠬᠥᠮᠦᠰ ᠨᠠᠳᠠ ᠲᠠᠢ ᠬᠠᠮᠲᠤ ᠡᠨᠡ ᠬᠦ ᠲᠥᠷᠥᠯ ᠵᠦᠢᠯ ᠳᠤ ᠣᠷᠣᠯᠴᠠᠵᠤ᠂ ᠮᠠᠨ ᠤ ᠬᠤᠶᠠᠷ ᠭᠠᠷ ᠪᠠ ᠡᠯ᠎ᠡ ᠱᠠᠲᠤᠨ ᠤ ᠨᠢᠭᠡᠴᠡ ᠶᠢᠨ ᠬᠠᠪᠰᠤᠷᠤᠯᠭ᠎ᠠ ᠪᠠᠷ ᠳᠠᠮᠵᠢᠭᠤᠯᠤᠨ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠯᠠᠪᠲᠠᠶ ᠶᠡᠭᠡ ᠪᠠᠷ ᠳᠡᠭᠡᠭᠰᠢᠯᠡᠨ᠎ᠡ ᠭᠡᠳᠡᠭ ᠢ ᠢᠲᠡᠭᠡᠵᠦ ᠪᠠᠶᠢᠨ᠎ᠠ︾ ᠬᠡᠵᠤ ᠪᠦᠭᠡᠪᠠᠶᠠᠷ ᠰᠡᠳᠬᠢᠯ ᠳᠣᠭᠳᠣᠯᠤᠨ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号