ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ ᠭᠠᠷ ᠬᠤᠯᠪᠣᠨ ᠠᠮᠢ ᠠᠬᠤᠢ ᠶᠢᠨ ᠬᠠᠯᠬᠠᠪᠴᠢ ᠶᠢ ᠬᠠᠮᠲᠤ ᠪᠠᠷ ᠴᠤᠭᠴᠠᠯᠠᠨ᠎ᠠ
ᠨᠡᠶᠢᠲᠡᠯᠡᠭᠰᠡᠨ ᠴᠠᠭ᠄
2024/4/18
   ᠤᠷᠢᠬᠠᠨ ᠬᠠᠪᠤᠷ ᠡᠬᠡ ᠭᠠᠵᠠᠷ ᠲᠤ ᠲᠦᠮᠡᠨ ᠪᠣᠳᠠᠰ ᠠᠮᠢᠯᠠᠵᠤ᠂ ᠮᠣᠳᠣ ᠲᠠᠷᠢᠵᠤ ᠣᠶᠢᠵᠢᠭᠤᠯᠬᠤ ᠠᠵᠢᠯ ᠶᠠᠭ ᠴᠠᠭ ᠳᠠᠭᠠᠨ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ︽ᠭᠤᠷᠪᠠᠨ ᠤᠮᠠᠷᠠᠲᠤ︾᠎ ᠶᠢᠨ ᠢᠨᠵᠧᠨᠧᠷᠢᠩ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠬᠤ ᠶᠢᠨ ᠲᠥᠯᠥᠭᠡ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 4 ᠰᠠᠷ᠎ᠠ ᠶᠢᠨ 15᠎ ᠤ ᠡᠳᠦᠷ᠂ ᠭᠤᠣᠯ ᠤᠨ ᠪᠠᠶᠢᠰᠢᠩ ᠪᠠᠯᠭᠠᠰᠤᠨ ᠤ ᠨᠠᠮ ᠤᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠡᠷᠦᠬᠡ ᠶᠢᠨ ᠴᠡᠷᠢᠭ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠣᠯᠠᠨ ᠲᠠᠯ᠎ᠠ ᠶᠢᠨ ᠬᠦᠴᠦᠨ ᠨᠡᠶᠢᠲᠡ 240 ᠭᠠᠷᠤᠢ ᠬᠥᠮᠦᠨ ᠢ ᠵᠣᠬᠢᠶᠠᠨ ᠪᠠᠶᠢᠭᠤᠯᠵᠤ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠦᠨ᠎ᠡ ᠭᠤᠷᠪᠠᠨ ᠰᠤᠮᠤ ᠶᠢᠨ ᠵᠠᠰᠠᠯᠲᠠ ᠶᠢᠨ ᠣᠷᠣᠨ ᠳᠤ ᠬᠦᠷᠴᠦ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠨ ᠳᠤ ᠣᠷᠣᠯᠴᠠᠭᠤᠯᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠮᠣᠳᠣ ᠲᠠᠷᠢᠵᠤ ᠣᠶᠢᠵᠢᠭᠤᠯᠬᠤ ᠠᠵᠢᠯᠯᠠᠭ᠎ᠠ ᠥᠷᠨᠢᠭᠦᠯᠵᠡᠢ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠨᠠᠮ ᠤᠨ ᠰᠦᠯᠳᠡ ᠭᠢᠯᠠᠯᠵᠠᠵᠤ᠂ ︽ᠮᠤᠬᠤᠷ ᠨᠣᠭᠤᠭᠠᠨ ᠥᠩᠭᠡ ︾ ᠪᠣᠯᠤᠨ ︽ᠰᠠᠶᠢᠨ ᠳᠤᠷ᠎ᠠ ᠶᠢᠨ ᠤᠯᠠᠭᠠᠨ︾ ᠰᠦᠯᠳᠡ ᠪᠠᠷ ᠰᠦᠯᠵᠢᠯᠳᠦᠵᠦ᠂ ᠨᠠᠮ ᠤᠨ ᠭᠡᠰᠢᠭᠦᠨ ᠺᠠᠳ᠋ᠷ ᠲᠦᠷᠦᠭᠦᠯᠡᠨ ᠪᠠᠶᠢᠯᠳᠤᠭᠠᠨ ᠳᠤ ᠣᠷᠣᠯᠴᠠᠵᠤ᠂ ᠪᠦᠬᠦ ᠬᠥᠮᠦᠰ ᠰᠡᠳᠬᠢᠯ ᠰᠠᠨᠠᠭ᠎ᠠ ᠪᠠᠨ ᠣᠯᠣᠯᠴᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠵᠤ᠂ ᠡᠷᠴᠢ ᠵᠣᠷᠢᠭ ᠲᠡᠭᠦᠯᠳᠡᠷ ᠪᠠᠶᠢᠵᠤ᠂ ᠬᠤᠶᠠᠷ ᠬᠤᠶᠠᠷ ᠳᠤᠭᠤᠶᠢᠯᠠᠩ ᠶᠠᠪᠤᠭᠳᠠᠵᠤ᠂ ᠵᠠᠷᠢᠮ ᠨᠢ ᠬᠦᠷᠵᠡ ᠬᠤᠷᠦ᠋ᠢᠯᠠᠵᠤ ᠰᠢᠷᠣᠢ ᠬᠤᠰᠤᠵᠤ᠂ ᠵᠠᠷᠢᠮ ᠨᠢ ᠴᠢᠬᠢ ᠶᠢ ᠲᠦᠰᠢᠵᠦ ᠰᠢᠷᠣᠢ ᠪᠥᠭᠯᠡᠵᠦ᠂ ᠡᠯ᠎ᠡ ᠭᠤᠭᠴᠤᠭ᠎ᠠ ᠳᠤ ᠡᠮᠬᠢ ᠵᠠᠮᠪᠠᠷᠠᠭ᠎ᠠ ᠲᠠᠢ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠥᠷ ᠬᠥᠭᠵᠢᠶᠡᠨ ᠲᠠᠢ ᠬᠥᠳᠡᠯᠮᠦᠷᠢ ᠶᠢᠨ ᠪᠠᠶᠢᠳᠠᠯ ᠢᠯᠡᠷᠡᠵᠡᠢ᠃    ᠮᠣᠳᠣ ᠲᠠᠷᠢᠵᠤ ᠣᠶᠢᠵᠢᠭᠤᠯᠬᠤ ᠨᠢ ᠣᠳᠣ ᠦᠶ᠎ᠡ ᠳᠤ ᠭᠠᠪᠢᠶ᠎ᠠ ᠪᠠᠶᠢᠭᠤᠯᠵᠤ᠂ ᠮᠢᠩᠭᠠᠨ ᠣᠨ ᠳᠤ ᠠᠱᠢᠭ ᠬᠦᠷᠲᠡᠭᠡ ‍ᠨ᠎ᠡ᠃ ᠲᠤᠰ ᠤᠳᠠᠭᠠᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠵᠤ᠂ ᠮᠣᠳᠣ ᠲᠠᠷᠢᠵᠤ ᠣᠶᠢᠵᠢᠭᠤᠯᠬᠤ ᠠᠵᠢᠯᠯᠠᠭ᠎ᠠ ᠨᠢ ᠪᠦᠬᠦ ᠪᠠᠯᠭᠠᠰᠤᠨ ᠤ ᠺᠠᠳ᠋ᠷ ᠣᠯᠠᠨ ᠲᠦᠮᠡᠨ ᠳᠤ ᠡᠯᠡᠰᠦ ᠶᠢ ᠵᠠᠰᠠᠬᠤ ᠠᠵᠢᠯ ᠥᠷᠨᠢᠭᠦᠯᠦᠭᠰᠡᠨ ᠬᠢᠯᠪᠠᠷ ᠪᠤᠰᠤ ᠪᠠᠶᠢᠳᠠᠯ ᠢ ᠣᠶᠢᠯᠠᠭᠠᠭᠤᠯᠵᠤ᠂ ᠣᠯᠠᠨ ᠤ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠪᠠ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠤᠬᠠᠮᠰᠠᠷ ᠢ ᠪᠠᠲᠤᠳᠬᠠᠵᠤ᠂ ᠨᠣᠭᠤᠭᠠᠷᠠᠭᠤᠯᠤᠯᠲᠠ ᠶᠢ ᠬᠠᠶᠢᠷᠠᠯᠠᠬᠤ᠂ ᠨᠣᠭᠤᠭᠠᠷᠠᠭᠤᠯᠬᠤ᠂ ᠨᠣᠭᠤᠭᠠᠷᠠᠭᠤᠯᠤᠯᠲᠠ ᠶᠢ ᠬᠠᠮᠠᠭᠠᠯᠠᠬᠤ ᠪᠣᠯᠪᠠᠰᠤᠨ ᠬᠡᠪ ᠰᠤᠷᠲᠠᠯ ᠢ ᠪᠤᠢ ᠪᠣᠯᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠭᠤᠣᠯ ᠤᠨ ᠪᠠᠶᠢᠰᠢᠩ ᠪᠠᠯᠭᠠᠰᠤ ᠶᠡᠷᠦᠩᠬᠡᠢ ᠱᠦᠵᠢ ᠰᠢ ᠶᠢᠨ ᠫᠢᠩ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠭᠤᠷᠪᠠᠨ ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠯᠠᠨ ᠲᠠᠯ᠎ᠠ ᠶᠢᠨ ᠬᠦᠴᠦᠨ ᠢ ᠢᠳᠡᠪᠬᠢᠲᠡᠢ ᠵᠣᠬᠢᠶᠠᠨ ᠪᠠᠶᠢᠭᠤᠯᠵᠤ᠂ ᠣᠯᠠᠨ ᠲᠠᠯ᠎ᠠ ᠠᠴᠠ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠢᠨᠵᠧᠨᠧᠷᠢᠩ ᠳᠤ ᠣᠷᠣᠯᠴᠠᠵᠤ᠂ ᠬᠠᠷᠢᠶ᠎ᠠ ᠣᠷᠣᠨ ᠤ ᠺᠠᠳ᠋ᠷ ᠣᠯᠠᠨ ᠲᠦᠮᠡᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠦᠨᠡᠨᠬᠦ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠣᠯᠬᠤ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦᠷᠬᠡᠭ ᠶᠡᠭᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号