ᠰᠣᠶᠣᠯ ᠤᠨ ᠴᠤᠭᠯᠠᠭᠠᠨ ︽ᠭᠡᠷ ᠤᠨ ᠡᠭᠦᠳᠡᠨ︾᠎ ᠳᠤ ᠨᠡᠭᠦᠵᠦ ᠢᠷᠡᠪᠡ
ᠨᠡᠶᠢᠲᠡᠯᠡᠭᠰᠡᠨ ᠴᠠᠭ᠄
2024/4/18
   ᠣᠶᠢᠷ᠎ᠠ ᠳᠤ᠂ ᠤᠮᠠᠷᠠᠲᠤ ᠬᠢᠯᠢ ᠶᠢᠨ ᠰᠣᠶᠣᠯ ᠤᠨ ᠦᠵᠡᠮᠵᠢᠲᠦ ᠣᠷᠣᠨ ᠵᠢᠴᠢ ︽ᠠᠨᠠᠷ ᠤᠨ ᠦᠷ᠎ᠡ︾᠎ ᠶᠢᠨ ᠬᠥᠷᠰᠢ ᠵᠡᠷᠭᠡᠯᠡᠳᠡᠭᠡ ᠰᠣᠶᠣᠯ ᠤᠨ ᠴᠤᠭᠯᠠᠭᠠᠨ ᠤ ᠠᠵᠢᠯᠯᠠᠭ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠬᠤᠰᠢᠭᠤ ᠪᠠᠯᠭᠠᠰᠤᠨ ᠤ ᠤᠰᠤᠨ ᠭᠠᠴᠠᠭ᠎ᠠ ᠳᠤ ᠶᠠᠪᠤᠭᠳᠠᠵᠤ᠂ ᠲᠤᠬᠠᠢ ᠶᠢᠨ ᠲᠠᠯᠠᠪᠠᠢ ᠳᠤ ᠶᠡᠷᠦ ᠪᠤᠰᠤ ᠶᠢᠨ ᠬᠥᠷ ᠬᠥᠭᠵᠢᠶᠡᠨ ᠢᠶᠠᠷ ᠪᠢᠯᠬᠠᠵᠤ᠂ ᠭᠠᠴᠠᠭ᠎ᠠ ᠲᠣᠰᠬᠤᠨ ᠤ ᠠᠷᠠᠳ ᠬᠤᠷᠠᠨ ᠴᠤᠭᠯᠠᠷᠠᠵᠤ᠂ ᠣᠨᠴᠠ ᠭᠠᠷᠤᠯᠲᠠ ᠬᠤᠳᠠᠯᠳᠤᠨ ᠠᠪᠴᠤ᠂ ᠪᠣᠳᠠᠰ ᠤᠨ ᠪᠤᠰᠤ ᠰᠣᠶᠣᠯ ᠤᠨ ᠥᠪ ᠢ ᠰᠣᠨᠢᠷᠬᠠᠵᠤ᠂ ︽ᠭᠡᠷ ᠤᠨ ᠡᠭᠦᠳᠡ︾᠎ ᠶᠢᠨ ᠰᠣᠶᠣᠯ ᠤᠨ ᠦᠪᠡᠳᠡᠭᠰᠢ ᠨᠠᠶᠢᠷ ᠢ ᠬᠠᠮᠲᠤ ᠪᠠᠷ ᠣᠶᠢᠯᠠᠭᠠᠪᠠ᠃    ᠤᠰᠤᠨ ᠭᠠᠴᠠᠭ᠎ᠠ ᠶᠢᠨ ︽ᠠᠨᠠᠷ ᠤᠨ ᠦᠷ᠎ᠡ︾᠎ ᠶᠢᠨ ᠬᠥᠷᠰᠢ ᠵᠡᠷᠭᠡᠯᠡᠳᠡᠭᠡ ᠶᠢᠨ ᠰᠣᠶᠣᠯ ᠤᠨ ᠶᠡᠭᠡ ᠴᠤᠭᠯᠠᠷᠠᠯ ᠤᠨ ᠠᠵᠢᠯᠯᠠᠭ᠎ᠠ ᠶᠢ ᠪᠣᠯᠪᠠᠰᠤᠨ ᠤ ᠦᠢᠯᠡᠳᠦᠯᠭᠡ ᠶᠢᠨ ᠤᠬᠠᠭᠤᠯᠭ᠎ᠠ ᠶᠢᠨ ᠲᠣᠭᠤᠷᠢᠭ᠂ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠭᠳᠡᠬᠦᠨ ᠤ ᠦᠵᠡᠭᠦᠯᠦᠯᠭᠡ ᠶᠢᠨ ᠲᠣᠭᠤᠷᠢᠭ ᠵᠢᠴᠢ ᠣᠨᠴᠠᠯᠢᠭᠲᠤ ᠪᠦᠲᠦᠭᠡᠭᠳᠡᠬᠦᠨ ᠤ ᠲᠣᠭᠤᠷᠢᠭ ᠭᠡᠵᠦ ᠬᠤᠪᠢᠶᠠᠨ᠎ᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠠᠵᠢᠯᠲᠠᠳ ᠲᠤᠬᠠᠢ ᠶᠢᠨ ᠲᠠᠯᠠᠪᠠᠢ ᠳᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠮᠡᠳᠡᠯᠭᠡ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠵᠡᠷᠭᠡ ᠶᠢ ᠲᠦᠭᠡᠮᠡᠯᠵᠢᠭᠦᠯᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠠᠵᠢᠯᠲᠠᠳ ᠲᠤᠬᠠᠢ ᠶᠢᠨ ᠲᠠᠯᠠᠪᠠᠢ ᠳᠤ ᠠᠯᠪᠠᠨ ᠵᠢᠷᠤᠮ ᠤᠨ ᠡᠮᠴᠢᠯᠡᠭᠡ ᠥᠷᠨᠢᠭᠦᠯᠵᠦ᠂ ᠭᠠᠴᠠᠭ᠎ᠠ ᠲᠣᠰᠬᠤᠨ ᠤ ᠠᠷᠠᠳ ᠲᠤ ᠰᠦᠢᠳᠬᠡᠯ ᠬᠤᠷᠢᠶᠠᠬᠤ ᠦᠭᠡᠢ ᠪᠠᠷ ᠴᠢᠰᠤᠨ ᠳᠠᠷᠤᠯᠲᠠ ᠶᠢ ᠬᠡᠮᠵᠢᠨ ᠥᠭᠴᠦ᠂ ᠡᠷᠡᠭᠦᠯ ᠰᠠᠷᠠᠭᠤᠯ ᠠᠮᠢᠳᠤᠷᠠᠯ ᠤᠨ ᠳᠠᠳᠬᠠᠯ ᠢ ᠲᠦᠭᠡᠮᠡᠯᠵᠢᠭᠦᠯᠪᠡ᠃    ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠭᠳᠡᠬᠦᠨ ᠤ ᠦᠵᠡᠭᠦᠯᠦᠯᠭᠡ ᠶᠢᠨ ᠲᠣᠭᠤᠷᠢᠭ ᠲᠤ᠂ ᠬᠥᠭᠵᠢᠮ ᠤᠨ ᠪᠠᠭᠠᠵᠢ᠂ ᠠᠷᠠᠰᠤᠨ ᠰᠡᠶᠢᠯᠦᠮᠡᠯ ᠤᠨ ᠵᠢᠷᠤᠭ᠂ ᠡᠮᠡᠭᠡᠯ ᠵᠡᠷᠭᠡ ᠶᠢ ᠲᠡᠷᠢ ᠲᠡᠭᠰᠢ ᠲᠠᠯᠪᠢᠵᠤ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠲᠤᠬᠠᠢ ᠶᠢᠨ ᠲᠠᠯᠠᠪᠠᠢ ᠳᠤ ᠤᠷᠠᠯᠢᠭ ᠤᠨ ᠣᠨᠴᠠᠯᠢᠭ ᠪᠠ ᠠᠭᠤᠯᠤᠭᠳᠠᠬᠤᠨ ᠢ ᠲᠠᠨᠢᠯᠴᠠᠭᠤᠯᠵᠤ᠂ ᠲᠣᠰᠬᠤᠨ ᠤ ᠠᠷᠠᠳ ᠰᠣᠨᠢᠷᠬᠠᠯ ᠤᠨ ᠳᠤᠮᠳᠠ ᠰᠣᠶᠣᠯ ᠤᠨ ᠤᠯᠠᠮᠵᠢᠯᠠᠯ ᠤᠨ ᠳᠤᠮᠳᠠᠬᠢ ᠥᠪᠡᠷᠮᠢᠴᠡ ᠷᠢᠳᠢ ᠰᠢᠳᠢ ᠶᠢ ᠣᠶᠢᠯᠠᠭᠠᠪᠠ᠃ ᠣᠨᠴᠠᠯᠢᠭᠲᠤ ᠪᠦᠲᠦᠭᠡᠭᠳᠡᠬᠦᠨ ᠤ ᠣᠷᠣᠨ ᠤ ᠪᠦᠲᠦᠭᠡᠭᠳᠡᠬᠦᠨ ᠨᠢᠳᠦ ᠳᠦᠭᠦᠷᠡᠩ ᠪᠠᠶᠢᠵᠤ᠂ ᠴᠠᠭᠠᠨ ᠢᠳᠡᠭᠡ᠂ ᠣᠷᠭᠠᠨᠢᠭ ᠬᠠᠲᠠᠭᠰᠠᠨ ᠪᠤᠷᠴᠠᠭ᠂ ᠨᠠᠷᠢᠮᠤ ᠵᠡᠷᠭᠡ ᠨᠢ ᠮᠠᠰᠢ ᠣᠯᠠᠨ ᠲᠣᠰᠬᠤᠨ ᠤ ᠠᠷᠠᠳ ᠢ ᠲᠠᠲᠠᠵᠤ ᠠᠪᠴᠢᠷᠠᠵᠠᠢ᠃    ︽ᠪᠢ ᠥᠨᠥᠳᠦᠷ ᠰᠣᠶᠣᠯ ᠤᠨ ᠶᠡᠭᠡ ᠴᠤᠭᠯᠠᠭᠠᠨ ᠳᠤ ᠣᠷᠣᠯᠴᠠᠬᠤ ᠪᠠᠷ ᠢᠷᠡᠭᠡᠳ ᠮᠠᠰᠢ ᠪᠠᠶᠠᠷᠯᠠᠵᠤ᠂ ᠬᠠᠤᠯᠢ ᠴᠠᠭᠠᠵᠠ ᠶᠢᠨ ᠮᠡᠳᠡᠯᠭᠡ ᠶᠢᠨ ᠤᠬᠠᠭᠤᠯᠭ᠎ᠠ ᠲᠠᠢ᠂ ᠪᠠᠰᠠ ᠮᠠᠰᠢ ᠣᠯᠠᠨ ᠣᠨᠴᠠ ᠭᠠᠷᠤᠯᠲᠠ ᠲᠠᠢ᠂ ᠭᠠᠴᠠᠭ᠎ᠠ ᠨᠢ ᠢᠯᠡᠭᠦᠬᠡᠨ ᠡᠶᠢᠮᠦ ᠠᠵᠢᠯᠯᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ︾ ᠬᠡᠵᠤ ᠤᠰᠤᠨ ᠭᠠᠴᠠᠭᠠᠨ ᠤ ᠠᠷᠠᠳ ᠰᠢᠶᠧ ᠴᠦᠨ ᠶᠢᠩ ᠬᠡᠯᠡᠪᠡ᠃    ᠡᠨᠡ ᠤᠳᠠᠭᠠᠨ ᠤ ᠰᠣᠶᠣᠯ ᠤᠨ ᠶᠡᠭᠡ ᠴᠤᠭᠯᠠᠷᠠᠯ ᠤᠨ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠪᠠᠷ ᠰᠠᠭᠤᠷᠢ ᠪᠣᠯᠭᠠᠵᠤ᠂ ᠤᠯᠠᠮᠵᠢᠯᠠᠯᠲᠤ ᠭᠠᠷ ᠤᠷᠠᠯᠠᠯ᠂ ᠪᠣᠳᠠᠰ ᠤᠨ ᠪᠤᠰᠤ ᠰᠣᠶᠣᠯ ᠤᠨ ᠥᠪ᠂ ᠲᠠᠷᠢᠶᠠᠯᠠᠩ ᠤᠨ ᠪᠦᠲᠦᠭᠡᠭᠳᠡᠬᠦᠨ᠂ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠳᠡᠯᠭᠡᠨ ᠦᠵᠡᠭᠦᠯᠬᠦ ᠵᠡᠷᠭᠡ ᠶᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯ ᠢ ᠤᠯᠠᠮᠵᠢᠯᠠᠨ ᠵᠠᠯᠭᠠᠮᠵᠢᠯᠠᠵᠤ᠂ ᠰᠣᠶᠣᠯ ᠤᠨ ᠰᠣᠯᠢᠯᠴᠠᠭ᠎ᠠ ᠪᠠ ᠳᠠᠮᠵᠢᠭᠤᠯᠭ᠎ᠠ ᠶᠢ ᠠᠬᠢᠭᠤᠯᠵᠤ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠰᠣᠯᠢᠯᠴᠠᠭ᠎ᠠ ᠪᠠ ᠦᠢᠯᠡᠳᠦᠯᠴᠡᠯ ᠢ ᠴᠢᠩᠭᠠᠳᠬᠠᠵᠤ᠂ ᠡᠶ᠎ᠡ ᠵᠣᠬᠢᠴᠠᠯ ᠲᠠᠢ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠶᠢ ᠪᠠᠶᠢᠭᠤᠯᠬᠤ ᠶᠢ ᠠᠬᠢᠭᠤᠯᠬᠤ ᠪᠣᠯ ᠶᠡᠷᠦ ᠪᠤᠰᠤ ᠶᠢᠨ ᠰᠣᠶᠣᠯ ᠤᠨ ᠠᠵᠢᠯᠯᠠᠭ᠎ᠠ ᠪᠣᠯᠤᠨ᠎ᠠ᠃    ︽ᠥᠨᠥᠳᠦᠷ ᠮᠠᠨ ᠤ ᠭᠠᠴᠠᠭ᠎ᠠ ᠰᠣᠶᠣᠯ ᠤᠨ ᠶᠡᠭᠡ ᠴᠤᠭᠯᠠᠭᠠᠨ ᠤ ᠠᠵᠢᠯᠯᠠᠭ᠎ᠠ ᠶᠢ ᠠᠩᠬ᠎ᠠ ᠤᠳᠠᠭ᠎ᠠ ᠡᠷᠬᠢᠯᠡᠵᠦ ᠣᠯᠠᠨ ᠢᠶᠠᠷ ᠢᠶᠠᠨ ᠮᠠᠰᠢ ᠳᠤᠷᠠᠲᠠᠢ ᠪᠠᠶᠢᠨ᠎ᠠ᠂ ᠵᠠᠯᠭᠠᠭᠠᠳ ᠪᠢᠳᠡ ᠡᠶᠢᠮᠦ ᠠᠵᠢᠯᠯᠠᠭ᠎ᠠ ᠶᠢ ᠢᠯᠡᠭᠦᠬᠡᠨ ᠡᠷᠬᠢᠯᠡᠵᠦ᠂ ᠣᠯᠠᠨ ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠵᠤ ᠪᠠᠶᠢᠨ᠎ᠠ︾ ᠭᠡᠵᠦ ᠪᠠᠶᠠᠨᠬᠤᠰᠢᠭᠤ ᠪᠠᠯᠭᠠᠰᠤᠨ ᠤ ᠤᠰᠤᠨ ᠭᠠᠴᠠᠭᠠᠨ ᠤ ᠨᠠᠮ ᠤᠨ ᠡᠭᠦᠷ ᠤᠨ ᠱᠦᠵᠢ ᠵᠠᠩ ᠪᠦᠦ ᠢᠦᠢ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号