ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/18
   4 ᠰᠠᠷ᠎ᠠ ᠶᠢᠨ 16᠎ ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠲᠦᠷᠦᠭᠦᠯᠡᠨ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠠᠵᠢᠯ ᠢ ᠳᠠᠬᠢᠨ ᠳᠠᠶᠢᠴᠢᠯᠠᠵᠤ᠂ ᠳᠠᠬᠢᠨ ᠪᠠᠶᠢᠷᠢᠯᠠᠭᠤᠯᠵᠤ᠂ ᠳᠠᠬᠢᠨ ᠴᠢᠬᠤᠯᠠᠴᠢᠯᠠᠪᠠ᠃ ᠬᠤᠰᠢᠭᠤᠨ ᠤ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠳᠤᠭᠤᠶᠢᠯᠠᠩ ᠤᠨ ᠳᠠᠷᠤᠭ᠎ᠠ ᠾᠧ ᠰᠢᠤᠸᠠᠢ ᠹᠧᠩ ᠨᠥᠬᠦᠷ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠬᠦᠷᠢᠶᠡᠨ ᠤ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠵᠢᠴᠢ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠬᠤᠷᠠᠯ ᠳᠤ ᠣᠷᠣᠯᠴᠠᠵᠠᠶ᠃    ᠬᠤᠷᠠᠯ ᠠᠴᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠬᠦᠷᠢᠶᠡᠨ ᠤ ᠶᠡᠷᠦᠩᠬᠡᠶ ᠴᠣᠭᠴᠠ ᠵᠢᠴᠢ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠪᠦᠦ ᠬᠠᠶ ᠹᠧᠩ ᠨᠥᠬᠦᠷ ᠬᠤᠷᠠᠯ ᠳᠤ ᠣᠷᠣᠯᠴᠠᠭᠰᠠᠳ ᠲᠤ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠡᠭᠦᠷᠭᠡ ᠶᠢᠨ ᠨᠠᠷᠢᠨ ᠲᠠᠩᠰᠠ ᠶᠢ ᠲᠠᠨᠢᠵᠤ ᠠᠪᠤᠭᠰᠠᠨ ᠪᠠᠶᠢᠳᠠᠯ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠠᠵᠢᠯ ᠢ ᠠᠬᠢᠭᠤᠯᠤᠭᠰᠠᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠭᠰᠡᠨ ᠪᠥᠭᠡᠳ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠡᠭᠦᠷᠭᠡ ᠶᠢᠨ ᠨᠠᠷᠢᠨ ᠲᠠᠩᠰᠠ ᠪᠠᠷ ᠵᠢᠱᠢᠶ᠎ᠡ ᠪᠣᠯᠭᠠᠵᠤ᠂ ᠬᠠᠮᠵᠢᠯᠴᠠᠬᠤ ᠨᠢᠭᠡᠴᠡ ᠲᠠᠢ ᠬᠡᠷᠬᠢᠨ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠠᠵᠢᠯ ᠢ ᠨᠠᠩ ᠰᠠᠶᠢᠲᠤᠷ ᠪᠡᠶᠡᠯᠡᠭᠦᠯᠬᠦ ᠲᠤᠬᠠᠶ ᠨᠠᠷᠢᠨ ᠬᠠᠷᠢᠭᠤᠯᠲᠠ ᠥᠭᠪᠡ᠃    ᠾᠧ ᠰᠢᠤᠸᠠᠢ ᠹᠧᠩ ᠨᠥᠬᠦᠷ ᠴᠢᠬᠤᠯᠠᠴᠢᠯᠠᠬᠤ ᠳᠠᠭᠠᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠨ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠶ︔ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠡᠭᠦᠷᠭᠡ ᠶᠢᠨ ᠨᠠᠷᠢᠨ ᠲᠠᠩᠰᠠ ᠶᠢ ᠦᠨᠳᠦᠰᠦᠯᠡᠨ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠣᠯᠤᠨ ᠬᠠᠷᠠᠯᠲᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠢ︔ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠢᠲᠡᠭᠡᠯ ᠠᠯᠳᠠᠭᠰᠠᠨ ᠠᠵᠢᠯᠯᠠᠭ᠎ᠠ ᠶᠢ ᠲᠥᠪᠯᠡᠷᠡᠭᠦᠯᠦᠨ ᠵᠠᠰᠠᠬᠤ ᠶᠢ ᠰᠢᠪᠲᠤᠯᠤᠯᠲᠠ ᠶᠢᠨ ᠴᠡᠭ ᠪᠣᠯᠭᠠᠵᠤ᠂ ᠪᠦᠲᠦᠮᠵᠢᠲᠡᠢ ᠠᠵᠢᠯ ᠤᠨ ᠠᠷᠭ᠎ᠠ ᠬᠡᠮᠵᠢᠶ᠎ᠡ ᠠᠪᠴᠤ᠂ ᠲᠦᠷᠦ ᠶᠢᠨ ᠪᠤᠳᠤᠯᠭ᠎ᠠ ᠶᠢᠨ ᠠᠮᠠᠯᠠᠯᠲᠠ ᠶᠢ ᠶᠡᠬᠡᠪᠡᠷ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠥᠷᠨᠢᠭᠦᠯᠬᠦ ᠬᠡᠷᠡᠭᠲᠡᠢ︔ ᠤᠬᠠᠭᠤᠯᠤᠨ ᠮᠡᠳᠡᠭᠡᠯᠡᠬᠦ ᠠᠵᠢᠯ ᠢ ᠰᠠᠶᠢᠲᠤᠷ ᠬᠢᠵᠦ᠂ ᠲᠤᠰᠬᠠᠢ ᠪᠤᠯᠤᠩ ᠪᠠᠶᠢᠭᠤᠯᠤᠨ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠵᠢᠴᠢ ᠢᠲᠡᠭᠡᠮᠵᠢ ᠶᠢᠨ ᠤᠯᠠᠭᠠᠨ ᠬᠠᠷ᠎ᠠ ᠰᠠᠮᠪᠠᠷ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠢ ᠠᠭᠤᠳᠠᠯᠤᠨ ᠮᠡᠳᠡᠭᠡᠯᠡᠵᠦ᠂ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠢᠳᠡᠪᠬᠢᠲᠡᠢ ᠪᠠᠳᠠᠷᠠᠭᠤᠯᠤᠨ᠂ ᠬᠥᠮᠦᠨ ᠪᠦᠬᠦᠨ ᠦᠨᠡᠨᠴᠢ ᠢᠲᠡᠭᠡᠮᠵᠢ ᠲᠠᠢ ᠪᠠᠶᠢᠬᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号