ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠠᠪᠤᠷ ᠤᠨ ᠰᠠᠶᠢᠨ ᠴᠢᠬᠢ ᠪᠤᠶᠢᠵᠢᠭᠤᠯᠵᠤ ᠶᠠᠭᠠᠷᠠᠤ ᠪᠠᠶᠢᠨ᠎ᠠ
ᠨᠡᠶᠢᠲᠡᠯᠡᠭᠰᠡᠨ ᠴᠠᠭ᠄
2024/4/18
    ᠬᠠᠪᠤᠷ ᠤᠨ ᠤᠷᠢᠬᠠᠨ ᠰᠠᠯᠬᠢᠨ ᠳᠤ ᠳᠤᠯᠠᠭᠠᠷᠠᠵᠤ᠂ ᠳᠤᠯᠠᠭᠠᠨ᠃ 4 ᠰᠠᠷ᠎ᠠ ᠳᠤ ᠤᠷᠤᠭᠰᠠᠨ ᠤ ᠳᠠᠷᠠᠭ᠎ᠠ᠂ ᠠᠭᠤᠷ ᠠᠮᠢᠰᠬᠤᠯ ᠠᠭᠠᠵᠢᠮ ᠢᠶᠠᠷ ᠳᠤᠯᠠᠭᠠᠷᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠭᠠᠵᠠᠷ ᠤᠨ ᠤᠰᠤᠨ ᠲᠤᠲᠤᠷᠭ᠎ᠠ ᠲᠠᠷᠢᠬᠤ ᠡᠷᠦᠬᠡ ᠲᠠᠷᠢᠶᠠᠯᠠᠭ᠎ᠠ ᠶᠢᠨ ᠴᠠᠭ ᠢ ᠠᠮᠵᠢᠨ ᠠᠳᠬᠤᠵᠤ᠂ ᠴᠢᠬᠢ ᠪᠤᠶᠢᠵᠢᠭᠤᠯᠬᠤ ᠰᠠᠷᠠᠪᠴᠢ ᠳᠤ ᠤᠰᠤᠨ ᠲᠤᠲᠤᠷᠭ᠎ᠠ ᠶᠢᠨ ᠴᠢᠬᠢ ᠪᠤᠶᠢᠵᠢᠭᠤᠯᠵᠤ᠂ ᠡᠨᠡ ᠵᠢᠯ ᠤᠨ ᠤᠰᠤᠨ ᠲᠤᠲᠤᠷᠭ᠎ᠠ ᠶᠢᠨ ᠥᠨᠳᠥᠷ ᠤᠨᠠᠯᠲᠠ ᠶᠢ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃    ᠳᠥᠷᠥᠯᠵᠢ ᠪᠠᠯᠭᠠᠰᠤᠨ ᠤ ᠱᠤᠸᠠᠩ ᠶᠢᠨ ᠭᠠᠴᠠᠭᠠᠨ ᠤ ᠤᠰᠤᠨ ᠲᠤᠲᠤᠷᠭ᠎ᠠ ᠶᠢᠨ ᠴᠢᠬᠢ ᠪᠤᠶᠢᠵᠢᠭᠤᠯᠬᠤ ᠬᠦᠯᠡᠮᠵᠢ ᠳᠤ᠂ ᠲᠤᠲᠤᠷᠭ᠎ᠠ ᠶᠢᠨ ᠲᠠᠷᠢᠶᠠᠴᠢᠳ ᠶᠠᠭ ᠤᠰᠤᠨ ᠲᠤᠲᠤᠷᠭ᠎ᠠ ᠶᠢᠨ ᠴᠢᠬᠢ ᠪᠤᠶᠢᠵᠢᠭᠤᠯᠬᠤ ᠮᠠᠰᠢᠨ ᠳᠡᠭᠡᠷ᠎ᠡ ᠴᠢᠬᠢ ᠪᠤᠶᠢᠵᠢᠭᠤᠯᠵᠤ᠂ ᠰᠢᠮ᠎ᠡ ᠲᠡᠵᠢᠭᠡᠯ ᠰᠢᠷᠣᠢ ᠪᠣᠯᠤᠨ ᠲᠤᠲᠤᠷᠭ᠎ᠠ ᠲᠠᠷᠢᠵᠤ ᠪᠠᠶᠢᠯ᠎ᠠ᠃ ᠴᠠᠬᠢᠯᠭᠠᠨ ᠬᠥᠳᠡᠯᠭᠡᠭᠦᠷᠲᠦ ᠴᠢᠬᠢ ᠪᠤᠶᠢᠵᠢᠭᠤᠯᠬᠤ ᠮᠠᠰᠢᠨ ᠤ ᠶᠡᠨᠳᠡᠷ ᠬᠠᠩᠭᠢᠨᠠᠬᠤ ᠶᠢ ᠳᠠᠭᠠᠯᠳᠤᠨ᠂ ᠨᠢᠭᠡ ᠨᠢᠭᠡ ᠪᠠᠷ ᠰᠢᠷᠣᠢ ᠳᠠᠷᠢᠭᠰᠠᠨ ᠤ ᠳᠠᠷᠠᠭᠠᠬᠢ ᠴᠢᠬᠢ ᠶᠢ ᠳᠠᠮᠵᠢᠭᠤᠯᠬᠤ ᠪᠦᠰᠡ ᠠᠴᠠ ᠳᠠᠮᠵᠢᠭᠤᠯᠵᠤ᠂ ᠬᠦᠯᠡᠮᠵᠢ ᠶᠢᠨ ᠳᠣᠲᠣᠷ᠎ᠠ ᠲᠡᠭᠰᠢᠯᠡᠭᠰᠡᠨ ᠭᠠᠵᠠᠷ ᠳᠡᠭᠡᠷ᠎ᠡ ᠲᠡᠷᠢ ᠲᠡᠭᠰᠢ ᠲᠠᠯᠪᠢᠪᠠ᠃    ᠤᠰᠤᠨ ᠲᠤᠲᠤᠷᠭ᠎ᠠ ᠲᠠᠷᠢᠬᠤ ᠡᠷᠦᠬᠡ ᠾᠧ ᡁᠢ ᠶᠤᠸᠠᠨ ᠠᠪᠤ ᠲᠠᠢ ᠪᠠᠨ ᠬᠤᠶᠠᠭᠤᠯᠠ ᠨᠢᠭᠡᠨᠲᠡ ᠬᠦᠯᠡᠮᠵᠢ ᠳᠤ ᠭᠤᠷᠪᠠ ᠳᠥᠷᠪᠡᠨ ᠡᠳᠦᠷ ᠶᠠᠭᠠᠷᠠᠯᠳᠤᠵᠤ ᠪᠠᠶᠢᠨ᠎ᠠ᠂ ᠲᠡᠳᠡᠨ ᠤ ᠬᠤᠶᠠᠷ ᠦᠶ᠎ᠡ ᠶᠢᠨ ᠬᠥᠮᠦᠰ ᠴᠥᠮ ᠤᠰᠤᠨ ᠲᠤᠲᠤᠷᠭ᠎ᠠ ᠲᠠᠷᠢᠬᠤ ᠪᠠᠷ ᠠᠮᠢᠳᠤᠷᠠᠯ ᠢᠶᠠᠨ ᠪᠣᠯᠭᠠᠵᠤ᠂ ᠣᠯᠠᠨ ᠵᠢᠯ ᠤᠨ ᠲᠠᠷᠢᠮᠠᠯ ᠤᠨ ᠲᠤᠷᠰᠢᠯᠭ᠎ᠠ ᠪᠠ ᠲᠡᠷᠢᠭᠦᠨ ᠤ ᠲᠠᠷᠢᠮᠠᠯ ᠤᠨ ᠲᠥᠬᠦᠭᠡᠷᠦᠮᠵᠢ ᠶᠢ ᠬᠤᠳᠠᠯᠳᠤᠨ ᠠᠪᠴᠤ᠂ ᠲᠡᠳᠡ 6600 ᠲᠠᠪᠠᠭ 170 ᠮᠦ ᠴᠢᠬᠢ ᠪᠤᠶᠢᠵᠢᠭᠤᠯᠬᠤ ᠡᠭᠦᠷᠭᠡ ᠶᠢ ᠪᠡᠶᠡᠯᠡᠭᠦᠯᠬᠦ ᠭᠡᠵᠦ ᠪᠠᠶᠢᠨ᠎ᠠ᠃    ︽ᠮᠠᠨ ᠤ ᠭᠡᠷ ᠤᠨ ᠡᠨᠡ ᠬᠤᠶᠠᠷ ᠬᠦᠯᠡᠮᠵᠢ ᠶᠢ ᠬᠥᠮᠦᠨ ᠤ ᠬᠦᠴᠦ ᠪᠠᠷ ᠴᠢᠬᠢ ᠪᠤᠶᠢᠵᠢᠭᠤᠯᠬᠤ ᠴᠠᠭ ᠨᠢᠭᠡ ᠭᠠᠷᠠᠭ ᠪᠣᠯᠪᠠᠯ ᠰᠠᠶ᠋ᠢ ᠪᠤᠶᠢᠵᠢᠭᠤᠯᠵᠤ ᠳᠠᠭᠤᠰᠬᠠᠨ᠎ᠠ︾ ᠬᠡᠵᠤ ᠤᠰᠤᠨ ᠲᠤᠲᠤᠷᠭ᠎ᠠ ᠲᠠᠷᠢᠬᠤ ᠡᠷᠦᠬᠡ  ᠬᠡᠯᠡᠪᠡ᠃    ᠳᠥᠷᠥᠯᠵᠢ ᠪᠠᠯᠭᠠᠰᠤᠨ ᠤ ᠱᠤᠸᠠᠩ ᠶᠢᠨ ᠭᠠᠴᠠᠭ᠎ᠠ ᠤᠮᠠᠷᠠᠲᠤ ᠥᠷᠭᠡᠷᠢᠭ ᠤᠨ 43 ᠭᠷᠠᠳᠦ᠋ᠰ ᠲᠤ ᠪᠠᠶᠢᠷᠢᠯᠠᠵᠤ᠂ ᠳᠤᠯᠠᠭᠠᠨ ᠤ ᠬᠡᠮᠵᠢᠶ᠎ᠡ ᠲᠣᠬᠢᠷᠠᠮᠵᠢᠲᠠᠢ᠂ ᠭᠠᠵᠠᠷ ᠰᠢᠷᠣᠢ ᠥᠩ ᠰᠢᠮᠡᠯᠢᠭ᠂ ᠪᠦᠬᠦ ᠬᠤᠰᠢᠭᠤᠨ ᠤ ᠬᠠᠮᠤᠭ ᠤᠨ ᠶᠡᠭᠡ ᠤᠰᠤᠨ ᠲᠤᠲᠤᠷᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠲᠠᠢ ᠪᠠᠶᠢᠵᠤ᠂ ᠵᠢᠯ ᠤᠨ ᠲᠤᠲᠤᠷᠭ᠎ᠠ ᠲᠦᠮᠡᠨ ᠮᠦ ᠶᠢ ᠳᠠᠪᠠᠵᠠᠢ᠃ ᠳᠥᠷᠥᠯᠵᠢ ᠪᠠᠯᠭᠠᠰᠤᠨ ᠤ ᠱᠤᠸᠠᠩ ᠶᠢᠨ ᠭᠠᠴᠠᠭᠠᠨ ᠤ ᠨᠠᠮ ᠤᠨ ᠡᠭᠦᠷ ᠤᠨ ᠱᠦᠵᠢ ᠬᠠᠨ ᠢᠦᠢ ᠲᠢᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠤᠰᠤᠨ ᠲᠤᠲᠤᠷᠭ᠎ᠠ ᠶᠢ ᠰᠠᠶᠢᠲᠤᠷ ᠲᠠᠷᠢᠵᠤ᠂ ᠴᠢᠬᠢ ᠶᠢ ᠰᠢᠨ᠎ᠡ ᠲᠥᠷᠥᠭᠰᠡᠨ ᠨᠢᠯᠬ᠎ᠠ ᠬᠡᠦᠬᠡᠳ ᠲᠡᠭᠡᠨ ᠠᠳᠠᠯᠢ ᠨᠠᠷᠢᠨ ᠬᠠᠨᠳᠤᠬᠤ ᠬᠡᠷᠡᠭᠲᠡᠢ ᠭᠡᠵᠡᠢ᠃ ᠡᠶᠢᠮᠦ ᠠᠴᠠ ᠴᠢᠬᠢ ᠪᠤᠶᠢᠵᠢᠭᠤᠯᠬᠤ ᠶᠠᠪᠤᠴᠠ ᠳᠤ᠂ ᠲᠠᠷᠢᠮᠠᠯ ᠤᠨ ᠡᠷᠦᠬᠡ ᠣᠨᠴᠠᠭᠠᠢ ᠨᠠᠷᠢᠨ ᠨᠢᠮᠪᠠᠢ ᠪᠠᠶᠢᠵᠤ᠂ ᠲᠤᠲᠤᠷᠭ᠎ᠠ ᠶᠢᠨ ᠦᠷ᠎ᠡ ᠰᠠᠴᠤᠬᠤ ᠨᠢᠭᠲᠠᠴᠠ ᠶᠢ ᠠᠩᠬᠠᠷᠴᠤ᠂ ᠫᠢᠯᠠ ᠳᠡᠪᠢᠰᠴᠦ ᠳᠠᠭᠤᠰᠤᠭᠰᠠᠨ ᠤ ᠳᠠᠷᠠᠭ᠎ᠠ ᠪᠥᠰ ᠨᠡᠬᠡᠬᠦ ᠦᠭᠡᠢ᠂ ᠰᠢᠷᠠᠭᠳᠠᠬᠤ ᠶᠢ ᠰᠡᠷᠭᠡᠶᠢᠯᠡᠬᠦ᠂ ᠴᠢᠭᠢᠭᠲᠦᠴᠡ ᠶᠢ ᠪᠠᠲᠤᠯᠠᠬᠤ ᠬᠡᠷᠡᠭᠲᠡᠢ᠃    ︽ᠱᠤᠸᠠᠩ ᠶᠢᠨ ᠭᠠᠴᠠᠭ᠎ᠠ ᠳᠤ 17000 ᠮᠦ ᠲᠤᠲᠤᠷᠭᠠᠨ ᠲᠠᠷᠢᠶᠠᠨ ᠲᠠᠢ᠂ 220 ᠡᠷᠦᠬᠡ ᠲᠠᠷᠢᠬᠤ ᠡᠷᠦᠬᠡ ᠲᠠᠢ᠂ ᠣᠳᠣ 300 ᠭᠠᠷᠤᠢ ᠬᠦᠯᠡᠮᠵᠢ ᠪᠠᠶᠢᠵᠤ᠂ ᠭᠠᠴᠠᠭᠠᠨ ᠤ 17000 ᠮᠦ ᠲᠤᠲᠤᠷᠭ᠎ᠠ ᠶᠢᠨ ᠴᠢᠬᠢ ᠶᠢ ᠬᠠᠩᠭᠠᠵᠤ ᠲᠠᠶᠢᠯᠤᠨ᠎ᠠ᠂ ᠪᠢᠳᠡ 4 ᠰᠠᠷ᠎ᠠ ᠶᠢᠨ 8᠎ ᠤ ᠡᠳᠦᠷ ᠠᠴᠠ ᠡᠬᠢᠯᠡᠨ ᠲᠤᠲᠤᠷᠭ᠎ᠠ ᠶᠢᠨ ᠴᠢᠬᠢ ᠶᠢ ᠪᠤᠶᠢᠵᠢᠭᠤᠯᠵᠤ᠂ 4 ᠰᠠᠷ᠎ᠠ ᠶᠢᠨ 20᠎ ᠤ ᠡᠳᠦᠷ ᠣᠷᠴᠢᠮ ᠠᠴᠠ ᠡᠬᠢᠯᠡᠨ ᠲᠤᠲᠤᠷᠭ᠎ᠠ ᠶᠢᠨ ᠴᠢᠬᠢ ᠶᠢ ᠪᠤᠶᠢᠵᠢᠭᠤᠯᠵᠤ ᠂ 5 ᠰᠠᠷ᠎ᠠ ᠶᠢᠨ 10᠎ ᠤ ᠡᠳᠦᠷ ᠣᠷᠴᠢᠮ ᠪᠡᠶᠡᠯᠡᠭᠦᠯᠵᠦ᠂ ᠲᠤᠲᠤᠷᠭ᠎ᠠ ᠶᠢᠨ ᠴᠢᠬᠢ ᠶᠢ ᠲᠣᠮᠣ ᠲᠠᠷᠢᠶᠠᠨ ᠭᠠᠵᠠᠷ ᠲᠤ ᠠᠪᠠᠴᠢᠵᠤ ᠬᠢᠵᠦ ᠪᠠᠶᠢᠨ᠎ᠠ︾ ᠬᠡᠵᠤ ᠬᠠᠨ ᠢᠦᠢ ᠲᠢᠩ ᠬᠡᠯᠡᠪᠡ᠃    ᠡᠭᠦᠨ ᠤ ᠬᠠᠮᠲᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠤᠰᠤᠳ ᠭᠠᠵᠠᠷ ᠣᠷᠣᠨ ᠴᠤ ᠴᠥᠮ ᠲᠤᠩᠭᠠᠯᠠᠭ ᠰᠠᠶᠢᠬᠠᠨ ᠠᠭᠤᠷ ᠠᠮᠢᠰᠬᠤᠯ ᠢ ᠠᠰᠢᠭᠯᠠᠨ ᠴᠢᠬᠢ ᠪᠤᠶᠢᠵᠢᠭᠤᠯᠵᠤ᠂ ᠪᠠᠶᠠᠨᠬᠤᠰᠢᠭᠤ ᠪᠠᠯᠭᠠᠰᠤᠨ ᠤ ᠬᠠᠷᠠᠳᠤᠪᠤ ᠭᠠᠴᠠᠭᠠᠨ ᠤ ᠲᠠᠷᠢᠮᠠᠯ ᠤᠨ ᠡᠷᠦᠬᠡ ᠴᠧᠨ ᠴᠢᠦᠸᠡᠨ ᠱᠧᠩ ᠤᠨ ᠴᠢᠬᠢ ᠪᠤᠶᠢᠵᠢᠭᠤᠯᠬᠤ ᠬᠦᠯᠡᠮᠵᠢ ᠳᠤ ᠠᠵᠢᠯᠴᠢᠳ ᠶᠠᠭ ᠴᠠᠬᠢᠯᠭᠠᠨ ᠬᠥᠳᠡᠯᠭᠡᠭᠦᠷᠲᠦ ᠰᠢᠷᠣᠢ ᠪᠦᠷᠬᠦᠬᠦ ᠮᠠᠰᠢᠨ ᠢ ᠬᠡᠷᠡᠭᠯᠡᠵᠦ᠂ ᠰᠠᠶ᠋ᠢᠬᠠᠨ ᠳᠠᠷᠢᠵᠤ ᠳᠠᠭᠤᠰᠬᠠᠭᠰᠠᠨ ᠴᠢᠬᠢ ᠶᠢᠨ ᠣᠷᠣᠨ ᠳᠤ ᠰᠢᠷᠣᠢ ᠪᠦᠷᠬᠦᠬᠦ ᠠᠵᠢᠯ ᠬᠢᠵᠦ ᠪᠠᠶᠢᠨ᠎ᠠ᠃ ᠴᠠᠬᠢᠯᠭᠠᠨ ᠬᠥᠳᠡᠯᠭᠡᠭᠦᠷᠲᠦ ᠰᠢᠷᠣᠢ ᠬᠥᠷᠪᠡᠭᠦᠯᠬᠦ ᠮᠠᠰᠢᠨ ᠢ ᠬᠡᠷᠡᠭᠯᠡᠭᠰᠡᠨ ᠤ ᠳᠠᠷᠠᠭ᠎ᠠ᠂ ᠠᠵᠢᠯ ᠤᠨ ᠦᠷ᠎ᠡ ᠪᠦᠲᠦᠮᠵᠢ᠂ ᠪᠠᠷᠢᠮᠵᠢᠶ᠎ᠠ ᠪᠠ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠵᠦ᠂ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠵᠣᠷᠢᠯᠭ᠎ᠠ ᠳᠠᠭᠠᠨ ᠬᠦᠷᠴᠡᠢ᠃    ᠡᠭᠦᠨ ᠤ ᠬᠠᠮᠲᠤ᠂ ᠤᠰᠤᠨ ᠲᠤᠲᠤᠷᠭ᠎ᠠ ᠶᠢᠨ ᠦᠷ᠎ᠡ ᠶᠢ ᠬᠦᠯᠡᠮᠵᠢ ᠳᠤ ᠤᠷᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠲᠠᠢ ᠪᠣᠯᠭᠠᠬᠤ ᠶᠢᠨ ᠲᠥᠯᠥᠭᠡ᠂ ᠲᠠᠷᠢᠶᠠᠴᠢᠨ ᠡᠷᠦᠬᠡ ᠬᠥᠷᠥᠰᠥ ᠪᠠᠨ ᠪᠦᠷᠬᠦᠭᠰᠡᠨ ᠴᠢᠬᠢᠨ ᠫᠠᠨᠰᠠ ᠳᠡᠭᠡᠷ᠎ᠡ ᠨᠢᠮᠭᠡᠨ ᠰᠦᠯᠢᠶᠣᠣ ᠪᠦᠷᠬᠦᠭᠦᠯ ᠢ ᠪᠦᠲᠡᠭᠡᠬᠦ ᠮᠥᠷᠲᠡᠭᠡᠨ ᠡᠪᠡᠳᠴᠢᠨ ᠬᠤᠷᠣᠬᠠᠢ ᠶᠢᠨ ᠬᠥᠨᠥᠭᠡᠯ ᠤᠨ ᠴᠢᠬᠢ ᠶᠢᠨ ᠲᠠᠷᠬᠠᠯᠲᠠ ᠶᠢ ᠴᠤ ᠰᠡᠷᠭᠡᠶᠢᠯᠡᠵᠦ ᠴᠢᠳᠠᠨ᠎ᠠ᠃    ︽ᠪᠢ 47 ᠬᠦᠯᠡᠮᠵᠢ ᠲᠠᠢ᠂ ᠣᠳᠣ ᠨᠢᠭᠡᠨᠲᠡ ᠪᠦᠬᠦᠨ ᠢ ᠪᠤᠶᠢᠵᠢᠭᠤᠯᠵᠤ ᠪᠠᠶᠢᠨ᠎ᠠ᠂ ᠵᠠᠯᠭᠠᠭᠠᠳ ᠫᠧᠩ ᠪᠦᠷᠢ ᠳᠤ ᠨᠢᠭᠡ ᠳᠠᠪᠬᠤᠷᠭ᠎ᠠ ᠰᠦᠯᠢᠶᠣᠣ ᠪᠦᠷᠬᠦᠪᠴᠢ ᠪᠦᠷᠬᠦᠵᠦ᠂ ᠰᠦᠯᠢᠶᠣᠣ ᠪᠦᠷᠬᠦᠪᠴᠢ ᠨᠢ ᠰᠠᠷᠠᠪᠴᠢᠨ ᠳᠣᠲᠣᠷᠠᠬᠢ ᠴᠢᠭᠢᠭ ᠤᠨ ᠬᠡᠮᠵᠢᠶ᠎ᠡ ᠪᠠ ᠳᠤᠯᠠᠭᠠᠨ ᠤ ᠬᠡᠮᠵᠢᠶ᠎ᠡ ᠶᠢ ᠪᠠᠲᠤᠯᠠᠵᠤ᠂ ᠴᠢᠬᠢ ᠪᠤᠶᠢᠵᠢᠭᠤᠯᠬᠤ ᠳᠤ ᠰᠠᠶᠢᠨ ᠰᠠᠶᠢᠬᠠᠨ ᠤᠷᠭᠤᠯᠲᠠ ᠶᠢᠨ ᠨᠥᠬᠦᠴᠡᠯ ᠢ ᠪᠦᠷᠢᠯᠳᠦᠭᠦᠯᠵᠦ ᠥᠭᠭᠦᠨ᠎ᠡ︾  ᠬᠡᠵᠤ ᠤᠰᠤᠨ ᠲᠤᠲᠤᠷᠭ᠎ᠠ ᠳᠠᠷᠢᠬᠤ ᠡᠷᠦᠭᠡ ᠴᠧᠨ ᠴᠢᠤᠸᠠᠨ ᠱᠧᠩ ᠬᠡᠯᠡᠪᠡ᠃    ᠣᠶᠢᠯᠠᠭᠠᠭᠰᠠᠨ ᠢᠶᠠᠷ᠂ 2024 ᠣᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠮᠤ ᠪᠤᠳᠠᠭ᠎ᠠ ᠲᠠᠷᠢᠬᠤ ᠡᠭᠦᠷᠭᠡ 256 ᠲᠦᠮᠡᠨ ᠮᠦ ᠪᠠᠶᠢᠵᠤ᠂ ᠡᠭᠦᠨ ᠳᠤ ᠤᠰᠤᠨ ᠲᠤᠲᠤᠷᠭ᠎ᠠ ᠲᠠᠷᠢᠬᠤ 10 ᠲᠦᠮᠡᠨ ᠮᠦ ᠪᠤᠢ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号