ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠡᠷᠳᠡᠨᠢ ᠰᠢᠰᠢ ᠶᠢᠨ ᠨᠢᠭᠡᠴᠢ ᠭᠠᠷᠤᠯᠲᠠ ᠶᠢ ᠳᠡᠭᠡᠭᠰᠢᠯᠡᠭᠦᠯᠬᠦ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/4/18
   ᠪᠦᠬᠦ ᠬᠤᠰᠢᠭᠤᠨ ᠤ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠵᠠᠩᠭᠢᠯᠠᠭ᠎ᠠ ᠶᠢᠨ ᠮᠡᠷᠭᠡᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠶᠢᠨ ᠦᠢᠯᠡᠳᠪᠦᠷᠢᠯᠡᠯ ᠤᠨ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 2024 ᠣᠨ ᠤ 4 ᠰᠠᠷ᠎ᠠ ᠶᠢᠨ 13᠎ ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠦᠬᠦ ᠬᠤᠰᠢᠭᠤᠨ ᠤ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠮᠡᠷᠭᠡᠵᠢᠯ ᠤᠨ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠲᠤᠰ ᠤᠳᠠᠭᠠᠨ ᠤ ᠪᠣᠯᠪᠠᠰᠤᠷᠠᠯ ᠳᠤ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠸᠠᠩ ᡁᠢ ᠭᠠᠩ ᠪᠠᠭᠰᠢ ᠶᠢ ᠤᠷᠢᠵᠤ ᠬᠢᠴᠢᠶᠡᠯ ᠣᠷᠣᠭᠤᠯᠵᠤ ᠂ ᠪᠦᠬᠦ ᠬᠤᠰᠢᠭᠤᠨ ᠤ 6 ᠬᠠᠮᠢᠶ᠎ᠠ ᠪᠦᠬᠦᠢ ᠰᠤᠮᠤ ᠪᠠᠯᠭᠠᠰᠤᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠥᠷᠲᠡᠭᠡᠨ ᠤ ᠠᠵᠢᠯᠲᠠᠨ᠂ ᠭᠠᠴᠠᠭᠠᠨ ᠤ ᠬᠡᠷᠡᠭᠵᠢᠭᠦᠯᠬᠦ ᠭᠤᠣᠯ ᠴᠣᠭᠴᠠ᠂ ᠲᠠᠷᠢᠶᠠᠯᠠᠩ ᠤᠨ ᠠᠵᠤ ᠠᠬᠤᠶᠢᠯᠠᠯ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠮᠡᠷᠭᠡᠵᠢᠯ ᠤᠨ ᠠᠵᠢᠯᠲᠠᠨ ᠨᠡᠶᠢᠲᠡ 105 ᠬᠥᠮᠦᠨ ᠲᠤᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃    ᠬᠤᠷᠠᠯ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠰᠢᠶᠣᠤ ᠱᠧᠩ ᠡᠷᠬᠢᠯᠡᠪᠡ᠃ ᠬᠤᠷᠠᠯ ᠳᠡᠭᠡᠷ᠎ᠡ᠂ ᠬᠤᠰᠢᠭᠤᠨ ᠤ ᠲᠠᠷᠢᠶᠠᠯᠠᠩ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠠᠷᠤᠭ᠎ᠠ ᠰᠠᠷᠠᠭᠤᠯ ᠠᠴᠠ ᠠᠵᠢᠯ ᠤᠨ ᠪᠠᠶᠢᠷᠢᠯᠠᠭᠤᠯᠤᠯᠲᠠ ᠬᠢᠭᠰᠡᠨ ᠪᠥᠭᠡᠳ 2024 ᠣᠨ ᠳᠤ ᠮᠠᠨ ᠤ ᠬᠤᠰᠢᠭᠤᠨ ᠤ 20 ᠲᠦᠮᠡᠨ ᠮᠦ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠬᠦ ᠪᠠᠷ ᠲᠥᠯᠥᠪᠯᠡᠵᠦ᠂ ᠣᠯᠠᠨ ᠢᠶᠠᠷ ᠢᠶᠠᠨ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠬᠦ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠡᠯ᠎ᠡ ᠭᠠᠵᠠᠷ ᠤᠨ ᠬᠢᠨ ᠦᠳᠲᠡᠷ ᠲᠦᠷᠭᠡᠨ ᠬᠥᠳᠡᠯᠦᠯᠴᠡᠵᠦ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠬᠢᠨ ᠬᠠᠷᠢᠭᠤᠴᠠᠯᠭ᠎ᠠ ᠪᠠᠨ ᠪᠠᠲᠤᠳᠬᠠᠵᠤ᠂ ᠭᠤᠷᠪᠠᠨ ᠱᠠᠲᠤ ᠪᠠᠷ ᠬᠤᠯᠪᠣᠭᠠᠯᠠᠨ ᠬᠥᠳᠡᠯᠦᠯᠴᠡᠵᠦ᠂ ᠵᠠᠩᠭᠢᠯᠠᠭ᠎ᠠ ᠶᠢᠨ ᠭᠤᠭᠴᠤᠭ᠎ᠠ ᠶᠢ ᠲᠠᠷᠢᠶᠠᠯᠠᠬᠤ ᠴᠠᠭ ᠢ ᠰᠠᠭᠠᠲᠠᠭᠠᠬᠤ ᠦᠭᠡᠢ ᠪᠠᠶᠢᠬᠤ ᠶᠢ ᠪᠠᠲᠤᠯᠠᠵᠤ᠂ ᠡᠨᠡ ᠵᠢᠯ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠢᠯᠡᠳᠲᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠸᠠᠩ ᡁᠢ ᠭᠠᠩ ᠪᠠᠭᠰᠢ ᠡᠷᠳᠡᠨᠢ ᠰᠢᠰᠢ ᠶᠢ ᠨᠢᠭᠲᠠ ᠲᠠᠷᠢᠵᠤ ᠥᠨᠳᠥᠷ ᠤᠨᠠᠯᠲᠠ ᠲᠠᠢ ᠨᠠᠷᠢᠯᠢᠭ ᠣᠨᠣᠴᠠᠲᠠᠢ ᠡᠵᠡᠮᠳᠡᠬᠦ ᠮᠡᠷᠭᠡᠵᠢᠯ ᠤᠨ ᠲᠤᠬᠠᠢ ᠬᠢᠴᠢᠶᠡᠯ ᠣᠷᠣᠵᠤ᠂ ᠮᠠᠨ ᠤ ᠬᠤᠰᠢᠭᠤᠨ ᠤ ᠭᠠᠵᠠᠷ ᠣᠷᠣᠨ ᠤ ᠣᠨᠴᠠᠯᠢᠭ ᠲᠠᠢ ᠤᠶᠠᠯᠳᠤᠭᠤᠯᠤᠨ᠂ ᠮᠡᠷᠭᠡᠵᠢᠯ ᠤᠨ ᠦᠨᠳᠦᠰᠦᠯᠡᠯ᠂ ᠮᠡᠷᠭᠡᠵᠢᠯ ᠤᠨ ᠵᠠᠩᠭᠢᠯᠠᠭ᠎ᠠ᠂ ᠮᠡᠷᠭᠡᠵᠢᠯ ᠤᠨ ᠬᠡᠷᠡᠭᠯᠡᠯᠲᠡ ᠠᠴᠠ ᠨᠠᠷᠢᠨ ᠲᠠᠶᠢᠯᠪᠤᠷᠢᠯᠠᠨ᠎ᠠ᠃    ᠪᠣᠯᠪᠠᠰᠤᠷᠠᠭᠤᠯᠤᠯ ᠢᠶᠠᠷ ᠳᠡᠮᠵᠢᠨ᠂ ᠬᠡᠷᠡᠭᠵᠢᠭᠦᠯᠬᠦ ᠭᠤᠣᠯ ᠴᠣᠭᠴᠠ ᠶᠢᠨ ᠲᠥᠷᠥᠯ ᠵᠦᠢᠯ ᠤᠨ ᠲᠤᠬᠠᠢ ᠲᠠᠨᠢᠯᠲᠠ ᠪᠠ ᠡᠷᠳᠡᠨᠢ ᠰᠢᠰᠢ ᠶᠢ ᠨᠢᠭᠲᠠ ᠲᠠᠷᠢᠵᠤ ᠤᠷᠭᠤᠭᠤᠯᠬᠤ ᠬᠢᠷᠢ ᠲᠦᠪᠰᠢᠨ ᠢᠯᠡᠳᠲᠡ ᠳᠡᠭᠡᠭᠰᠢᠯᠡᠪᠡ᠃ ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠠᠴᠠ ᠡᠷᠳᠡᠨᠢ ᠰᠢᠰᠢ᠂ ᠰᠢᠷ᠎ᠠ ᠪᠤᠷᠴᠠᠭ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠮᠡᠷᠭᠡᠵᠢᠯ ᠤᠨ ᠪᠣᠯᠪᠠᠰᠤᠷᠠᠭᠤᠯᠤᠯ ᠤᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠭᠤᠣᠯᠯᠠᠬᠤ ᠮᠡᠷᠭᠡᠵᠢᠯ ᠢ ᠲᠠᠷᠢᠶᠠᠨ ᠭᠠᠵᠠᠷ ᠲᠤ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ᠦᠷ᠎ᠡ ᠪᠦᠲᠦᠭᠡᠯ ᠢ ᠤᠨᠠᠯᠲᠠ ᠳᠡᠭᠡᠷ᠎ᠡ ᠢᠯᠡᠷᠡᠭᠦᠯᠬᠦ ᠪᠣᠯᠤᠨ᠎ᠠ︕
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号