ᠮᠠᠨ ᠤ ᠤᠷᠤᠨ ᠤ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠲᠤᠭ᠎ᠠ ᠪᠠᠷᠢᠮᠳᠠ ᠶᠢ ᠨᠡᠶᠢᠳᠡᠯᠡᠪᠡ
ᠨᠡᠶᠢᠲᠡᠯᠡᠭᠰᠡᠨ ᠴᠠᠭ᠄
2024/4/18
   ᠲᠦᠷᠦᠭᠦᠬᠡᠨ ᠶᠠᠪᠤᠭᠳᠠᠭᠰᠠᠨ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠲᠤᠭ᠎ᠠ ᠪᠠᠷᠢᠮᠲᠠ ᠶᠢ ᠨᠡᠶᠢᠲᠡᠯᠡᠬᠦ ᠬᠤᠷᠠᠯ ᠳᠤ ᠥᠪᠥᠷ ᠮᠣᠩᠭᠤᠯ ᠤᠨ ᠠᠩᠬᠠᠨ ᠤ ᠪᠦᠯᠦᠭ ᠤᠨ ᠦᠨᠢᠶᠡᠨ ᠰᠦ᠂ ᠬᠤᠨᠢᠨ ᠮᠢᠬ᠎ᠠ᠂ ᠦᠬᠡᠷ ᠤᠨ ᠮᠢᠬ᠎ᠠ᠂ ᠲᠥᠮᠥᠰᠥ ᠵᠡᠷᠭᠡ 4 ᠲᠥᠷᠥᠯ ᠤᠨ ᠪᠦᠲᠦᠭᠡᠭᠳᠡᠬᠦᠨ ᠤ ᠶᠠᠰᠤ ᠴᠢᠨᠠᠷ ᠤᠨ ᠲᠤᠭ᠎ᠠ ᠪᠠᠷᠢᠮᠲᠠ ᠶᠢ ᠨᠡᠶᠢᠲᠡᠯᠡᠪᠡ᠃ ᠤᠳᠤᠬᠠᠨ ᠪᠤᠯᠳᠠᠯ᠎ᠠ ᠮᠠᠨ ᠤ ᠤᠷᠤᠨ ᠨᠡᠶᠢᠳᠡ 2241 ᠪᠦᠲᠦᠭᠡᠭᠳᠡᠬᠦᠨ ᠢ ᠪᠠᠶᠢᠴᠠᠭᠠᠨ ᠰᠢᠯᠭᠠᠵᠤ᠂ ᠳᠡᠳᠡᠭᠡᠷ ᠤᠨ ᠳᠤᠳᠤᠷᠠᠬᠢ ᠰᠢᠮ᠎ᠡ ᠲᠡᠵᠢᠭᠡᠯᠲᠦ ᠪᠣᠳᠠᠰ ᠂ ᠦᠨᠦᠷ ᠠᠮᠲᠠ ᠶᠢᠨ ᠡᠳ᠋᠂ ᠦᠨᠦᠷᠲᠦ ᠡᠳ᠋ ᠵᠡᠷᠭᠡ ᠶᠢ ᠰᠢᠯᠭᠠᠨ ᠪᠠᠶᠢᠴᠠᠭᠠᠵᠤ᠂ 147793 ᠬᠤᠪᠢ ᠰᠢᠯᠭᠠᠨ ᠪᠠᠶᠢᠴᠠᠭᠠᠭᠰᠠᠨ ᠲᠤᠭ᠎ᠠ ᠪᠠᠷᠢᠮᠲᠠ ᠶᠢ ᠭᠠᠷᠭᠠᠪᠠ᠃   ᠣᠶᠢᠯᠠᠭᠠᠭᠰᠠᠨ ᠢᠶᠠᠷ᠂ 2020 ᠣᠨ ᠠᠴᠠ ᠡᠬᠢᠯᠡᠨ ᠮᠠᠨ ᠤ ᠣᠷᠣᠨ ᠪᠦᠬᠦ ᠤᠯᠤᠰ ᠲᠤ ᠲᠦᠷᠦᠬᠦᠯᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠦᠨᠡᠯᠡᠯᠲᠡ ᠶᠢᠨ ᠠᠵᠢᠯ ᠢ ᠥᠷᠨᠢᠭᠦᠯᠦᠭᠰᠡᠨ ᠪᠥᠭᠡᠳ 4 ᠵᠢᠯ ᠤᠨ ᠲᠤᠷᠰᠢ ᠲᠦᠭᠦᠬᠡᠢ ᠰᠦ᠂ ᠬᠤᠨᠢᠨ ᠮᠢᠬ᠎ᠠ᠂ ᠦᠬᠡᠷ ᠤᠨ ᠮᠢᠬ᠎ᠠ᠂ ᠲᠥᠮᠥᠰᠥ᠂ ᠲᠤᠲᠤᠷᠭ᠎ᠠ᠂ ᠨᠠᠷᠢᠮᠤ᠂ ᠪᠤᠭᠤᠳᠠᠢ ᠵᠡᠷᠭᠡ 7 ᠶᠡᠭᠡ ᠲᠥᠷᠥᠯ ᠤᠨ ᠦᠪᠡᠷᠮᠢᠴᠡ ᠤᠨᠴᠠᠯᠢᠭ ᠲᠠᠢ ᠳᠠᠪᠠᠭᠤᠯᠢᠭᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠦᠨᠡᠯᠡᠯᠲᠡ ᠶᠢᠨ ᠠᠵᠢᠯ ᠢ ᠥᠷᠨᠢᠭᠦᠯᠪᠠ᠃ ᠥᠪᠥᠷ ᠮᠣᠩᠭᠤᠯ ᠤᠨ ᠦᠪᠡᠷᠮᠢᠴᠡ ᠤᠨᠴᠠᠯᠢᠭ ᠲᠠᠢ ᠳᠠᠪᠠᠭᠤᠯᠢᠭᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠵᠢᠭᠠᠯᠳᠠ ᠳᠤᠭ᠎ᠠ ᠶᠢᠨ ᠳ᠋ᠠᠶᠢᠲ᠋ᠠ ᠬᠦᠮᠦᠷᠭᠡ ᠶᠢ ᠪᠠᠶᠢᠭᠤᠯᠤᠭᠰᠠᠨ ᠪᠦᠭᠡᠳ ᠪᠦᠬᠦ ᠤᠯᠤᠰ ᠲᠤ ᠬᠠᠮᠤᠭ ᠤᠨ ᠲᠡᠷᠢᠭᠦᠨ ᠳᠤ ︽ᠰᠢᠮ᠎ᠡ ᠲᠡᠵᠢᠭᠡᠯ ᠰᠠᠶᠢᠳᠠᠢ᠂ ᠠᠩᠬᠢᠯᠤᠮ᠎ᠠ ᠦᠨᠦᠷ ᠲᠠᠢ᠂ ᠠᠮᠳᠠᠯᠢᠭ ᠰᠠᠶᠢᠬᠠᠨ᠂ ᠥᠪᠡᠷᠮᠢᠴᠡ ᠣᠨᠴᠠᠯᠢᠭ ᠲᠠᠢ︾ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠦᠨᠡᠯᠡᠬᠦ ᠵᠢᠭᠠᠯᠳᠠ ᠲᠤᠭ᠎ᠠ ᠶᠢᠨ ᠰᠢᠰᠲ᠋ᠧᠮ ᠢ ᠪᠠᠶᠢᠭᠤᠯᠵᠤ᠂ ᠰᠢᠮ᠎ᠡ ᠲᠡᠵᠢᠭᠡᠯ ᠤᠨ ᠵᠢᠭᠠᠯᠳᠠ ᠲᠤᠭ᠎ᠠ᠂ ᠠᠮᠲᠠ ᠤᠷᠤᠭᠤᠯᠬᠤ ᠡᠳ᠋᠂ ᠡᠳ᠋ᠰᠢᠭᠦᠯᠦᠯᠳᠠ ᠶᠢᠨ ᠶᠠᠰᠤ ᠴᠢᠨᠠᠷ᠂ ᠣᠨᠴᠠᠯᠢᠭᠲᠤ ᠵᠢᠭᠠᠯᠳᠠ ᠲᠤᠭ᠎ᠠ ᠵᠡᠷᠭᠡ ᠣᠯᠠᠨ ᠲᠠᠯ᠎ᠠ ᠠᠴᠠ ᠮᠠᠨ ᠤ ᠣᠷᠣᠨ ᠤ ᠳᠠᠪᠠᠭᠤᠯᠢᠭᠳᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠢᠯᠢᠳᠡᠭ ᠰᠠᠶᠢᠨ ᠶᠠᠰᠤ ᠴᠢᠨᠠᠷ ᠢ ᠪᠦᠬᠦ ᠲᠠᠯ᠎ᠠ ᠪᠠᠷ ᠢᠯᠡᠷᠡᠭᠦᠯᠪᠡ᠃ ᠨᠢᠳᠤᠨᠤᠨ ᠮᠠᠨ ᠤ ᠣᠷᠣᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠦᠨᠡᠯᠡᠯᠲᠡ ᠶᠢᠨ ᠠᠵᠢᠯ ᠨᠢ ᠪᠦᠬᠦ ᠤᠯᠤᠰ ᠤᠨ ᠬᠦᠳᠡᠭᠡ ᠠᠵᠤ ᠠᠬᠤᠢ ᠶᠢᠨ ᠪᠦᠲᠦᠭᠡᠭᠳᠡᠬᠦᠨ ᠤ ︽ᠪᠤᠬᠢᠷᠳᠤᠯ ᠦᠭᠡᠢ᠂ ᠤᠷᠭᠠᠨᠢᠭ᠂ ᠭᠠᠵᠠᠷ ᠵᠦᠢ ᠶᠢᠨ ᠢᠯᠡᠷᠭᠡᠶᠢᠯᠡᠯᠳᠤ᠂ ᠪᠠᠷᠢᠮᠵᠢᠶ᠎ᠠ ᠳᠤ ᠨᠡᠶᠢᠴᠡᠨ ᠬᠢᠷᠢ ᠳᠡᠩᠴᠡᠬᠦ︾ ᠦᠨᠡᠯᠡᠯᠳᠡ ᠶᠢᠨ ᠠᠵᠢᠯ ᠤᠨ ᠨᠡᠶᠢᠲᠡᠯᠢᠭ ᠵᠢᠱᠢᠶ᠎ᠠ ᠪᠠᠷ ᠰᠣᠩᠭᠤᠭᠳᠠᠪᠠ᠃ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ ᠣᠯᠠᠨ ᠬᠡᠯᠪᠡᠷᠢ ᠪᠠᠷ ᠲᠤᠭ᠎ᠠ ᠪᠠᠷᠢᠮᠲᠠ ᠨᠡᠶᠢᠲᠡᠯᠡᠬᠦ ᠬᠤᠷᠠᠯ ᠢ ᠵᠠᠯᠭᠠᠭ᠎ᠠ ᠪᠠᠷ ᠬᠢᠵᠦ᠂ ᠦᠨᠡᠯᠡᠯᠲᠡ ᠶᠢᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠨᠡᠶᠢᠳᠡᠯᠡᠬᠦ ᠶᠢᠨ ᠬᠠᠮᠲᠤ᠂ ᠮᠠᠨ ᠤ ᠤᠷᠤᠨ ᠤ 7 ᠲᠣᠮᠣ ᠠᠵᠤ ᠦᠢᠯᠡᠰ ᠤᠨ ᠬᠡᠯᠬᠢᠶ᠎ᠡ ᠪᠠ 720 ︽ᠨᠡᠷᠡᠲᠦ ᠣᠨᠴᠠᠯᠢᠭᠳᠤ ᠤᠬᠢ ᠰᠢᠨ᠎ᠡ︾ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠤᠨ ᠲᠣᠭᠤᠷᠢᠨ ᠳ᠋ᠤ᠋ ᠦᠷᠭᠦᠯᠵᠢᠯᠡᠨ ᠬᠦᠴᠦᠯᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠦᠨᠡᠯᠡᠯᠲᠡ ᠶᠢᠨ ᠰᠠᠶᠢᠨ ᠬᠢᠷᠢ ᠪᠦᠲᠦᠮᠵᠢ ᠣᠯᠬᠤ ᠶᠢ ᠠᠬᠢᠭᠤᠯᠬᠤ ᠪᠤᠯᠤᠨ᠎ᠠ᠃ 
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号