ᠮᠠᠨ ᠤ ᠤᠷᠤᠨ ᠪᠠᠷᠢᠮᠵᠢᠶᠠᠵᠢᠭᠤᠯᠤᠯᠳᠠ ᠪᠠᠷ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/4/18
   ᠲᠦᠷᠦᠬᠦᠭᠡᠨ᠂ ᠮᠠᠨ ᠤ ᠤᠷᠤᠨ ᠤ ᠠᠷᠠᠯᠵᠢᠶ᠎ᠠ ᠬᠤᠳᠠᠯᠳᠤᠭᠠᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ  ᠶᠢᠨ ᠬᠥᠮᠥᠷᠭᠡᠯᠡᠨ ᠬᠠᠳᠠᠭᠠᠯᠠᠬᠤ ᠴᠢᠨᠠᠷ ᠰᠠᠶᠢᠲᠠᠶ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠶᠢᠨ 9 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠯᠲᠠ ᠶᠢ ᠥᠩᠭᠡᠷᠡᠭᠦᠯᠪᠡ᠃ ᠡᠲᠡᠭᠡᠷ ᠣᠷᠣᠨ ᠨᠤᠲᠤᠭ ᠤᠨ ᠪᠠᠷᠢᠮᠵᠢᠶ᠎ᠠ ᠨᠢ ᠴᠥᠮ ᠥᠪᠡᠷᠲᠡᠭᠡᠨ ᠵᠠᠰᠠᠬᠤ ᠣᠷᠣᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠬᠦᠷᠢᠶᠡᠨ ᠳᠠᠬᠢ ᠵᠢᠷᠤᠮᠵᠢᠭᠤᠯᠬᠤ ᠴᠢᠬᠤᠯᠠᠲᠠᠶ ᠠᠵᠢᠯ ᠪᠣᠯᠤᠨ᠎ᠠ᠃ ᠪᠠᠷᠢᠮᠵᠢᠶ᠎ᠠ ᠶᠢ ᠨᠡᠶᠢᠲᠡᠯᠡᠭᠰᠡᠨ ᠤ ᠳᠠᠷᠠᠭ᠎ᠠ᠂ ᠮᠠᠨ ᠤ ᠣᠷᠣᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠬᠠᠮᠢᠶᠠᠷᠤᠯᠲᠠ ᠶᠢᠨ ᠲᠦᠪᠰᠢᠨ ᠪᠠ ᠦᠢᠯᠡᠴᠢᠯᠡᠭᠡᠨ ᠤ ᠴᠢᠨᠠᠷ ᠢ ᠴᠢᠨᠠᠬᠰᠢᠳᠠ ᠳᠡᠭᠡᠭᠰᠢᠯᠡᠭᠦᠯᠵᠦ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠤᠨ ᠵᠢᠷᠤᠮᠵᠢᠯ ᠲᠠᠢ ᠠᠵᠢᠯᠯᠠᠬᠤ ᠶᠢ ᠬᠥᠲᠥᠯᠥᠨ ᠵᠢᠯᠣᠭᠤᠳᠴᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ︽ᠬᠠᠤᠯᠢ ᠴᠠᠭᠠᠵᠠ ᠶᠢ ᠨᠠᠶᠢᠳᠠᠪᠤᠷᠢᠵᠢᠭᠤᠯᠬᠤ᠂ ᠰᠢᠰᠲ᠋ᠧᠮ ᠢ ᠪᠠᠶᠢᠭᠤᠯᠬᠤ᠂ ᠪᠠᠷᠢᠮᠵᠢᠶ᠎ᠠ ᠶᠢ ᠬᠡᠷᠡᠭᠵᠢᠭᠦᠯᠬᠦ︾ ᠲᠣᠭᠲᠠᠴᠠ ᠶᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠪᠤᠯᠤᠨ᠎ᠠ᠃   ᠮᠠᠨ ᠤ ᠤᠷᠤᠨ ᠤ ᠭᠠᠵᠠᠷ ᠵᠦᠶ ᠶᠢᠨ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠶ᠂ ᠢᠳᠡᠭᠡᠨ ᠤ ᠠᠵᠤ ᠦᠢᠯᠡᠰ ᠤᠨ ᠬᠡᠪᠴᠢᠶ᠎ᠡ ᠶᠡᠭᠡ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡ ᠶᠢᠨ ᠬᠡᠷᠡᠭᠴᠡᠭᠡ ᠱᠠᠭᠠᠷᠳᠠᠯᠭ᠎ᠠ ᠬᠥᠭᠵᠢᠩᠭᠦᠶ ᠪᠠᠶᠢᠵᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠬᠥᠭᠵᠢᠯᠲᠡ ᠶᠢ ᠲᠦᠷᠭᠡᠳᠭᠡᠬᠦ ᠥᠪᠡᠷᠮᠢᠴᠡ ᠨᠥᠬᠦᠴᠡᠯ ᠲᠠᠢ ᠶᠤᠮ᠃ ᠲᠣᠰ ᠤᠳᠠᠭ᠎ᠠ ᠶᠢᠨ ᠬᠢᠨᠠᠨ ᠪᠠᠶᠢᠴᠠᠭᠠᠯᠲᠠ ᠶᠢ ᠥᠩᠭᠡᠷᠡᠭᠡᠭᠰᠡᠨ 9 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠨᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠳᠠᠬᠢ ᠵᠢᠮᠢᠰ ᠢᠳᠡᠰᠢᠨ ᠨᠣᠭᠤᠭ᠎ᠠ ᠶᠢᠨ ᠬᠦᠢᠲᠡᠨ ᠬᠥᠮᠥᠷᠭᠡ᠂ ᠰᠢᠨ᠎ᠡ ᠰᠤᠷᠭᠤᠭ ᠲᠦᠬᠦᠭᠡᠢ ᠰᠦ ᠬᠤᠳᠠᠯᠳᠤᠨ ᠠᠪᠬᠤ᠂ ᠴᠠᠭᠠᠨ ᠢᠳᠡᠭᠡᠨ ᠤ ᠪᠠᠷᠠᠭᠠᠨ ᠤ ᠭᠦᠢᠯᠭᠡᠭᠡ ᠶᠢᠨ ᠬᠥᠮᠥᠷᠭᠡ᠂ ᠮᠠᠯ ᠵᠢᠭᠦᠷᠲᠡᠨ ᠤ ᠲᠥᠷᠥᠯ ᠤᠨ ᠦᠢᠯᠡᠳᠬᠦᠨ ᠤ ᠭᠦᠢᠯᠭᠡᠭᠡ᠂ ᠬᠤᠲᠠ ᠶᠢᠨ ᠬᠦᠢᠲᠡᠨ ᠬᠡᠯᠬᠢᠶᠡᠲᠦ ᠪᠠᠷᠠᠭ᠎ᠠ ᠶᠢ ᠴᠠᠭ ᠲᠤᠬᠠᠶ ᠳᠤᠨᠢ ᠲᠣᠬᠢᠷᠠᠭᠤᠯᠤᠨ ᠬᠦᠷᠭᠡᠬᠦ᠂ ᠠᠴᠢᠶᠠᠯᠠᠬᠤ ᠪᠠᠭᠠᠵᠢ ᠬᠡᠷᠡᠭᠰᠡᠯ ᠢ ᠡᠷᠭᠢᠯᠳᠦᠭᠦᠯᠦᠨ ᠬᠠᠮᠲᠤ ᠪᠠᠷ ᠬᠡᠷᠡᠭᠯᠡᠬᠦ ᠦᠢᠯᠡᠴᠢᠯᠡᠭᠡ ᠵᠢᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠬᠥᠮᠥᠷᠭᠡᠯᠡᠬᠦ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠵᠡᠷᠭᠡ ᠠᠵᠢᠯ ᠳᠤ ᠬᠤᠯᠪᠣᠭᠳᠠᠵᠤ᠂ ᠤᠯᠠᠮᠵᠢᠯᠠᠯᠲᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠠᠵᠤ ᠦᠢᠯᠡᠰ ᠢ ᠵᠢᠷᠤᠮᠵᠢᠭᠤᠯᠤᠭᠰᠠᠨ ᠢᠶᠠᠷ ᠪᠠᠷᠠᠬᠤ ᠥᠬᠡᠶ᠂ ᠪᠠᠰᠠ ᠣᠲᠣ ᠦᠶ᠎ᠡ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠠᠵᠤ ᠦᠢᠯᠡᠰ ᠢ ᠬᠠᠶᠢᠨ ᠰᠦᠪᠡᠭᠴᠢᠯᠡᠭᠰᠡᠨ ᠪᠠᠶᠢᠨ᠎ᠠ᠃   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠬᠥᠭᠵᠢᠯᠲᠡ ᠶᠢᠨ ᠬᠡᠷᠡᠭᠵᠢᠭᠦᠯᠬᠦ ᠲᠥᠰᠦᠯ︾ ᠢ ᠦᠨᠳᠦᠰᠦᠯᠡᠪᠡᠯ᠂ 2025 ᠣᠨ ᠪᠣᠯᠬᠤ ᠳᠤ᠂ ᠮᠠᠨ ᠤ ᠣᠷᠣᠨ ᠤᠯᠤᠰ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠭᠤᠤᠯᠯᠠᠬᠤ ᠰᠠᠭᠤᠷᠢᠨ᠂ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠦᠢᠲᠡᠨ ᠬᠡᠯᠬᠢᠶᠡᠲᠦ ᠪᠠᠷᠠᠭ᠎ᠠ ᠶᠢ ᠲᠥᠪᠯᠡᠷᠡᠭᠦᠯᠦᠨ ᠲᠣᠬᠢᠷᠠᠭᠤᠯᠬᠤ ᠲᠥᠪ ᠪᠠ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠲᠦᠬᠦᠭᠡᠷᠦᠮᠵᠢ ᠪᠠᠷ ᠲᠤᠯᠭᠠᠭᠤᠷᠢᠯᠠᠯ ᠪᠣᠯᠭᠠᠭᠰᠠᠨ ᠭᠤᠷᠪᠠᠨ ᠱᠠᠲᠤᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠲᠦᠬᠦᠭᠡᠷᠦᠮᠵᠢ ᠶᠢᠨ ᠲᠤᠤᠷ ᠰᠦᠯᠵᠢᠶ᠎ᠡ ᠶᠢ ᠪᠠᠶᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠤᠯᠠᠷᠢᠯ ᠠᠯᠤᠰᠯᠠᠭᠰᠠᠨ ᠬᠠᠩᠭᠠᠯᠭ᠎ᠠ ᠬᠡᠷᠡᠭᠴᠡᠭᠡ᠂ ᠬᠦᠢᠲᠡᠨ ᠬᠡᠯᠬᠢᠶᠡᠲᠦ ᠪᠠᠷᠠᠭᠠᠨ ᠤ ᠣᠷᠣᠨ ᠪᠦᠰᠡ ᠠᠯᠤᠰᠯᠠᠭᠰᠠᠨ ᠭᠦᠢᠯᠭᠡᠭᠡ ᠶᠢᠨ ᠴᠢᠳᠠᠪᠤᠷᠢ ᠪᠠ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠦᠨ᠂ ᠰᠠᠭᠠᠳ ᠥᠬᠡᠶ ᠪᠥᠭᠡᠳ ᠥᠨᠳᠥᠷ ᠪᠦᠲᠦᠮᠵᠢᠲᠡᠶ᠂ ᠠᠮᠤᠷ ᠲᠦᠪᠰᠢᠨ ᠪᠥᠭᠡᠳ ᠪᠣᠬᠢᠷᠲᠤᠯ ᠥᠬᠡᠶ᠂ ᠣᠶᠤᠨᠴᠢ ᠪᠥᠭᠡᠳ ᠳᠥᠭᠦᠮ ᠳᠥᠲᠡ᠂ ᠪᠠᠲᠤᠯᠠᠭ᠎ᠠ ᠲᠠᠢ ᠣᠲᠣ ᠦᠶ᠎ᠡ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲᠤᠮ ᠢ ᠦᠨᠳᠦᠰᠦᠨ ᠳᠡᠭᠡᠨ ᠪᠠᠶᠢᠭᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号