ᠦᠪᠡᠷᠳᠡᠭᠡᠨ ᠵᠠᠰᠠᠬᠤ ᠤᠷᠤᠨ ᠠᠴᠠ ᠢᠳᠡᠭᠡᠨ ᠤ ᠳᠠᠪᠤᠰᠤ ᠶᠢᠨ ᠬᠠᠮᠢᠶᠠᠷᠤᠯᠳᠠ ᠶᠢ ᠴᠢᠩᠭᠠᠳᠬᠠᠬᠤ ᠲᠤᠬᠠᠢ ᠲᠤᠰᠬᠠᠢ ᠮᠡᠳᠡᠭᠳᠡᠯ ᠪᠠᠭᠤᠯᠭᠠᠪᠠ
ᠨᠡᠶᠢᠲᠡᠯᠡᠭᠰᠡᠨ ᠴᠠᠭ᠄
2024/4/18
   ᠦᠪᠡᠷᠳᠡᠭᠡᠨ ᠵᠠᠰᠠᠬᠤ ᠤᠷᠤᠨ ᠤ ᠠᠵᠤ ᠦᠢᠯᠡᠳᠪᠤᠷᠢ ᠪᠠ ᠮᠡᠳᠡᠭᠡ ᠵᠠᠩᠬᠢᠵᠢᠯᠳᠠ ᠶᠢᠨ ᠲᠢᠩᠬᠢᠮ ᠵᠡᠷᠭᠡ ᠰᠠᠯᠠᠭ᠎ᠠ ᠮᠦᠴᠢᠷ ᠤᠶᠢᠷ᠎ᠠ ᠳᠤ ᠢᠳᠡᠭᠡᠨ ᠤ ᠳᠠᠪᠤᠰᠤ ᠶᠢᠨ ᠬᠠᠮᠢᠶᠠᠷᠤᠯᠳᠠ ᠶᠢ ᠴᠢᠨᠠᠭᠰᠢᠳᠠ ᠴᠢᠩᠭᠠᠳᠬᠠᠬᠤ ᠲᠤᠬᠠᠢ ᠲᠤᠰᠬᠠᠢ ᠮᠡᠳᠡᠭᠳᠡᠯ ᠪᠠᠭᠤᠯᠭᠠᠪᠠ᠃   ᠮᠡᠳᠡᠭᠳᠡᠯ ᠳᠤ ᠲᠤᠳᠤᠷᠬᠠᠶᠢᠯᠠᠭᠰᠠᠨ ᠢᠶᠠᠷ᠂ ᠦᠪᠡᠷᠳᠡᠭᠡᠨ ᠵᠠᠰᠠᠬᠤ ᠤᠷᠤᠨ ᠠᠴᠠ ᠢᠳᠡᠭᠡᠨ ᠤ ᠳᠠᠪᠤᠰᠤ ᠶᠢᠨ ᠵᠠᠬ᠎ᠠ ᠳᠡᠯᠭᠡᠭᠦᠷ ᠲᠤ ᠦᠷᠭᠦᠯᠵᠢ ᠶᠢᠨ ᠴᠢᠨᠠᠷᠳᠠᠢ ᠲᠤᠰᠬᠠᠢ ᠪᠠᠶᠢᠴᠠᠭᠠᠯᠳᠠ ᠦᠷᠨᠢᠭᠦᠯᠬᠦ᠂ ᠢᠳᠡᠭᠡᠮᠵᠢ ᠶᠢᠨ ᠬᠢᠨᠠᠯᠳᠠ ᠬᠠᠮᠢᠶᠠᠷᠤᠯᠳᠠ ᠪᠠᠷ ᠰᠠᠭᠤᠷᠢ ᠪᠤᠯᠭᠠᠭᠰᠠᠨ ᠬᠢᠨᠠᠯᠳᠠ ᠬᠠᠮᠢᠶᠠᠷᠤᠯᠳᠠ ᠶᠢᠨ ᠳᠤᠭᠳᠠᠴᠠ ᠢᠢ ᠴᠢᠩᠭᠠᠳᠬᠠᠬᠤ᠂ ᠢᠳᠡᠭᠡᠨ ᠤ ᠲᠠᠪᠤᠰᠤ ᠶᠢᠨ ᠲᠤᠰᠬᠠᠢ ᠡᠵᠡᠩᠨᠡᠯᠳᠡ ᠶᠢ ᠵᠢᠷᠦᠮᠵᠢᠭᠤᠯᠬᠤ ᠬᠠᠤᠯᠢ ᠬᠡᠷᠡᠭᠵᠢᠭᠦᠯᠦᠯᠳᠡ ᠶᠢ ᠴᠢᠩᠭᠠᠳᠬᠠᠬᠤ ᠵᠡᠷᠭᠡ ᠭᠤᠷᠪᠠᠨ ᠲᠠᠯ᠎ᠠ ᠪᠠᠷ ᠢᠳᠡᠭᠡᠨ ᠤ ᠳᠠᠪᠤᠰᠤ ᠶᠢᠨ ᠲᠤᠰᠬᠠᠶᠢᠵᠢᠭᠰᠠᠨ ᠬᠢᠨᠠᠯᠳᠠ ᠬᠠᠮᠢᠶᠠᠷᠤᠯᠳᠠ ᠢᠢ ᠴᠢᠩᠭᠠᠳᠬᠠᠨ᠎ᠠ︔ ᠢᠳᠡᠭᠡᠨ ᠤ ᠳᠠᠪᠤᠰᠤ ᠡᠵᠡᠩᠨᠡᠬᠦ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠢ ᠤᠯᠭᠤᠬᠤ ᠶᠠᠪᠤᠴᠠ ᠳᠤᠮᠳᠠᠬᠢ ᠪᠠ ᠤᠯᠭᠤᠭᠰᠠᠨ ᠤ ᠳᠠᠷᠠᠭᠠᠬᠢ ᠬᠢᠨᠠᠯᠳᠠ ᠬᠠᠮᠢᠶᠠᠷᠤᠯᠳᠠ ᠢᠢ ᠴᠢᠩᠭᠠᠳᠬᠠᠬᠤ᠂ ᠢᠳᠡᠭᠡᠨ ᠤ ᠳᠠᠪᠤᠰᠤ  ᠶᠢᠨ ᠳᠤᠭᠳᠠᠭᠰᠠᠨ ᠴᠡᠭ ᠤᠨ ᠠᠵᠤ ᠠᠬᠤᠶᠢᠯᠠᠯ ᠴᠢᠬᠤᠯᠠ ᠶᠡᠭᠡ ᠬᠡᠷᠡᠭ ᠶᠠᠪᠤᠳᠠᠯ ᠢᠶᠠᠨ ᠳᠡᠭᠡᠭᠰᠢ ᠮᠡᠳᠡᠭᠦᠯᠬᠦ ᠳᠦᠷᠢᠮ ᠢ ᠬᠡᠷᠡᠭᠵᠢᠭᠦᠯᠬᠦ ᠵᠡᠷᠭᠡ ᠬᠤᠶᠠᠷ ᠲᠠᠯ᠎ᠠ ᠠᠴᠠ ᠢᠳᠡᠭᠡᠨ ᠤ ᠳᠠᠪᠤᠰᠤ ᠶᠢᠨ ᠳᠤᠭᠳᠠᠭᠰᠠᠨ ᠴᠡᠭ ᠤᠨ ᠠᠵᠤ ᠠᠬᠤᠶᠢᠯᠠᠯ ᠤᠨ ᠬᠢᠷᠢ ᠭᠡᠮ ᠤᠨ ᠬᠠᠮᠢᠶᠠᠷᠤᠯᠳᠠ ᠢᠢ ᠲᠡᠭᠦᠯᠳᠡᠷᠵᠢᠭᠦᠯᠤᠨ᠎ᠡ︔ ᠢᠳᠡᠭᠡᠨ ᠤ ᠳᠠᠪᠤᠰᠤ ᠪᠤᠷᠤᠯᠠᠭᠤᠯᠬᠤ ᠠᠷᠭ᠎ᠠ ᠵᠠᠮ ᠢ ᠵᠢᠷᠦᠮᠵᠢᠭᠤᠯᠬᠤ᠂ ᠢᠳᠡᠭᠡᠨ ᠤ ᠳᠠᠪᠤᠰᠤ ᠶᠢᠨ ᠳᠤᠭᠳᠠᠭᠰᠠᠨ ᠴᠡᠭ ᠤᠨ ᠠᠵᠤ ᠠᠬᠤᠶᠢᠯᠠᠯ ᠤᠨ ᠦᠢᠯᠡᠳᠪᠤᠷᠢᠯᠡᠯ ᠤᠨ ᠠᠵᠢᠯᠯᠠᠭ᠎ᠠ ᠶᠢ ᠵᠢᠷᠦᠮᠵᠢᠭᠤᠯᠬᠤ᠂ ᠤᠷᠤᠨ ᠪᠦᠰᠡ ᠠᠯᠤᠰᠯᠠᠨ ᠡᠵᠡᠩᠨᠡᠬᠦ ᠠᠵᠤ ᠠᠬᠤᠶᠢᠯᠠᠯ ᠤᠨ ᠡᠵᠡᠩᠨᠡᠯᠳᠡ ᠶᠢᠨ ᠠᠵᠢᠯᠯᠠᠭ᠎ᠠ ᠶᠢ ᠵᠢᠷᠤᠮᠵᠢᠭᠤᠯᠬᠤ᠂ ᠢᠳᠡᠭᠡᠨ ᠤ ᠳᠠᠪᠤᠰᠤ ᠦᠢᠯᠡᠳᠪᠤᠷᠢᠯᠡᠵᠦ ᠪᠤᠷᠤᠯᠠᠭᠤᠯᠤᠭᠰᠠᠨ ᠲᠡᠮᠳᠡᠭᠯᠡᠯ ᠢ ᠵᠢᠷᠦᠮᠵᠢᠭᠤᠯᠬᠤ᠂ ᠢᠳᠡᠭᠡᠨ ᠤ ᠳᠠᠪᠤᠰᠤ ᠶᠢ ᠬᠤᠳᠠᠯᠳᠤᠨ ᠠᠪᠬᠤ ᠦᠶᠡᠰ ᠤᠨ ᠬᠢᠨᠠᠨ ᠪᠠᠶᠢᠴᠠᠭᠠᠯᠳᠠ   ᠶᠢ ᠵᠢᠷᠦᠮᠵᠢᠭᠤᠯᠬᠤ ᠵᠡᠷᠭᠡ ᠳᠠᠪᠤᠨ ᠲᠠᠯ᠎ᠠ ᠠᠴᠠ ᠢᠳᠡᠭᠡᠨ ᠤ ᠳᠠᠪᠤᠰᠤ ᠶᠢᠨ ᠳᠤᠭᠳᠠᠭᠰᠠᠨ ᠴᠡᠭ ᠤᠨ ᠠᠵᠤ ᠠᠬᠤᠶᠢᠯᠠᠯ ᠤᠨ ᠦᠢᠯᠡᠳᠪᠤᠷᠢᠯᠡᠯ ᠡᠵᠡᠩᠨᠡᠯᠳᠡ ᠶᠢᠨ ᠠᠵᠢᠯᠯᠠᠭ᠎ᠠ ᠢᠢ ᠵᠢᠷᠦᠮᠵᠢᠭᠤᠯᠤᠨ᠎ᠠ︔ ᠬᠢᠷᠢ ᠲᠡᠩᠴᠡᠭᠰᠡᠨ ᠢᠤᠳ᠋ᠳᠤ ᠳᠠᠪᠤᠰᠤ ᠶᠢᠨ ᠬᠠᠩᠭᠠᠯᠭ᠎ᠠ ᠢᠢ ᠪᠠᠳᠤᠯᠠᠬᠤ᠂ ᠢᠤᠳ᠋ ᠦᠭᠡᠢ ᠳᠠᠪᠤᠰᠤ ᠶᠢᠨ ᠬᠠᠩᠭᠠᠯᠭ᠎ᠠ ᠶᠢ ᠵᠢᠷᠦᠮᠵᠢᠭᠤᠯᠬᠤ᠂ ᠢᠤᠳ᠋ ᠦᠭᠡᠢ ᠳᠠᠪᠤᠰᠤ ᠶᠢᠨ ᠪᠤᠷᠤᠯᠠᠭᠤᠯᠭ᠎ᠠ ᠶᠢᠨ ᠲᠤᠬᠠᠢ ᠬᠢᠨᠠᠯᠳᠠ ᠬᠠᠮᠢᠶᠠᠷᠤᠯᠳᠠ ᠢᠢ ᠴᠢᠩᠭᠠᠳᠬᠠᠬᠤ ᠵᠡᠷᠭᠡ ᠭᠤᠷᠪᠠᠨ ᠲᠠᠯ᠎ᠠ ᠠᠴᠠ ᠢᠳᠡᠭᠡᠨ ᠤ ᠳᠠᠪᠤᠰᠤ ᠶᠢᠨ ᠬᠠᠩᠭᠠᠯᠭ᠎ᠠ ᠶᠢᠨ ᠬᠠᠮᠢᠶᠠᠷᠤᠯᠳᠠ ᠶᠢ ᠴᠢᠩᠭᠠᠳᠬᠠᠨ᠎ᠡ︔ ᠢᠳᠡᠭᠡᠨ ᠤ ᠳᠠᠪᠤᠰᠤ ᠨᠦᠭᠡᠴᠡᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠬᠠᠩᠭᠠᠯᠭ᠎ᠠ ᠶᠢᠨ ᠬᠠᠮᠢᠶᠠᠷᠤᠯᠳᠠ ᠶᠢᠨ ᠠᠵᠢᠯ ᠢ ᠰᠠᠶᠢᠳᠦᠷ ᠬᠢᠬᠦ᠂ ᠢᠳᠡᠭᠡᠨ ᠤ ᠳᠠᠪᠤᠰᠤ ᠶᠢ ᠳᠤᠭᠳᠠᠭᠰᠠᠨ ᠴᠡᠭ ᠢᠶᠠᠷ ᠦᠢᠯᠡᠳᠪᠤᠷᠢᠯᠡᠬᠦ ᠪᠠ ᠪᠦᠭᠡᠮ ᠢᠢᠡᠷ ᠪᠤᠷᠤᠯᠠᠭᠤᠯᠬᠤ ᠠᠵᠤ ᠠᠬᠤᠶᠢᠯᠠᠯ ᠤᠨ ᠠᠮᠦᠷ ᠲᠦᠪᠰᠢᠨ ᠤ ᠬᠠᠮᠢᠶᠠᠷᠤᠯᠳᠠ ᠶᠢᠨ ᠠᠵᠢᠯ ᠢ ᠰᠠᠶᠢᠳᠦᠷ ᠬᠢᠬᠦ ᠵᠡᠷᠭᠡ ᠬᠤᠶᠠᠷ ᠲᠠᠯ᠎ᠠ ᠠᠴᠠ ᠢᠳᠡᠭᠡᠨ ᠤ ᠳᠠᠪᠤᠰᠤ ᠶᠢ ᠨᠦᠭᠡᠴᠡᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ᠂ ᠠᠮᠦᠷ ᠲᠦᠪᠰᠢᠨ ᠤ ᠬᠠᠮᠢᠶᠠᠷᠤᠯᠳᠠ ᠶᠢ ᠴᠢᠩᠭᠠᠳᠬᠠᠬᠤ ᠪᠤᠯᠤᠨ᠎ᠠ᠃ ᠡᠭᠦᠨ ᠤ ᠬᠠᠮᠳᠤ ᠢᠳᠡᠭᠡᠨ ᠤ ᠳᠠᠪᠤᠰᠤ ᠶᠢᠨ ᠲᠤᠰᠬᠠᠢ ᠡᠵᠡᠩᠨᠡᠯᠳᠡ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠪᠠ ᠢᠤᠳ᠋ ᠳᠤᠳᠠᠭᠳᠠᠬᠤ ᠶᠢᠨ ᠬᠤᠤᠷ ᠬᠦᠨᠦᠭᠡᠯ ᠤᠨ ᠲᠤᠬᠠᠢ ᠤᠬᠠᠭᠤᠯᠭ᠎ᠠ ᠶᠢ ᠴᠢᠩᠭᠠᠳᠬᠠᠬᠤ ᠪᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号