ᠯᠢ ᠴᠢᠶᠠᠩ 135 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠠᠷᠠᠯᠵᠢᠶᠠᠨ ᠤ ᠴᠤᠭᠯᠠᠭᠠᠨ ᠤ ᠬᠢᠯᠢ ᠶᠢᠨ ᠭᠠᠳᠠᠨᠠᠬᠢ ᠬᠤᠳᠠᠯᠳᠤᠨ ᠠᠪᠬᠤ ᠬᠤᠳᠠᠯᠳᠤᠭᠠᠴᠢᠨ ᠤ ᠲᠥᠯᠥᠭᠡᠯᠡᠭᠴᠢᠳ ᠲᠠᠢ ᠶᠠᠷᠢᠯᠴᠠᠪᠠ
ᠨᠡᠶᠢᠲᠡᠯᠡᠭᠰᠡᠨ ᠴᠠᠭ᠄
2024/4/18
   ᠰᠢᠨᠬᠤᠸᠠ ᠬᠤᠷᠢᠶᠠᠨ ᠤ ᠭᠤᠨᠩᠵᠧᠤ ᠶᠢᠨ 4 ᠰᠠᠷ᠎ᠠ ᠶᠢᠨ 17 ᠤ ᠡᠳᠦᠷ ᠤᠨ ᠴᠠᠬᠢᠯᠭᠠᠨ ᠮᠡᠳᠡᠭᠡ ᠳᠦᠷᠤ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠰᠠᠷ᠎ᠠ ᠶᠢᠨ 17 ᠤ ᠡᠳᠦᠷ ᠤᠨ ᠣᠢᠲᠠ ᠶᠢᠨ ᠬᠤᠶᠢᠨ᠎ᠠ ᠭᠤᠨᠩᠵᠧᠤ ᠳᠤ 135 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠠᠷ ᠤᠨ ᠠᠷᠠᠯᠵᠢᠶᠠᠨ ᠤ ᠴᠤᠭᠯᠠᠭᠠᠨ ︵ᠭᠤᠨᠩᠵᠧᠤ ᠶᠢᠨ ᠠᠷᠠᠯᠵᠢᠶᠠᠨ ᠤ ᠴᠤᠭᠯᠠᠭᠠᠨ︶ ᠤ ᠬᠢᠯᠢ ᠶᠢᠨ ᠭᠠᠳᠠᠨᠠᠬᠢ ᠬᠤᠳᠠᠯᠳᠤᠭᠠᠴᠢᠨ ᠤ ᠲᠥᠯᠥᠭᠡᠯᠡᠭᠴᠢᠳ ᠲᠠᠢ ᠬᠠᠮᠲᠤ ᠪᠠᠷ ᠶᠠᠷᠢᠯᠴᠠᠪᠠ᠃ ᠶᠢᠩ ᠲᠧ ᠢ ᠵᠢᠶᠠ᠂ ᠺᠧ ᠫᠧᠢ ᠡᠯ᠂ ᠯᠤ᠋ ᠯᠤ᠋ ᠣᠯᠠᠨ ᠤᠯᠤᠰ᠂ ᠮᠧᠢ ᠡᠯ ᠵᠧᠨ ᠵᠡᠷᠭᠡ ᠬᠢᠯᠢ ᠶᠢᠨ ᠭᠠᠳᠠᠨᠠᠬᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
998.jpg
    ᠬᠢᠯᠢ ᠶᠢᠨ ᠭᠠᠳᠠᠨᠠᠬᠢ ᠬᠤᠳᠠᠯᠳᠤᠨ ᠠᠪᠬᠤ ᠬᠤᠳᠠᠯᠳᠤᠭᠠᠴᠢᠨ ᠤ ᠲᠥᠯᠥᠭᠡᠯᠡᠭᠴᠢ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ ᠢᠶᠠᠷ ᠳᠠᠮᠵᠢᠭᠤᠯᠤᠨ ᠳᠤᠮᠳᠠᠳᠤ ᠤᠯᠤᠰ ᠲᠠᠬᠢ ᠬᠠᠮᠲᠤᠷᠠᠯᠴᠠᠭ᠎ᠠ ᠪᠠᠨ ᠴᠢᠩᠭᠠᠳᠬᠠᠭᠰᠠᠨ ᠲᠤᠬᠠᠢ ᠲᠥᠷᠥᠭᠳᠡᠯ ᠢᠶᠠᠨ ᠲᠠᠨᠢᠯᠴᠠᠭᠤᠯᠵᠤ᠂ ᠤᠷᠲᠤ ᠬᠤᠭᠤᠴᠠᠭᠠᠨ ᠤ ᠲᠤᠷᠰᠢ᠂ ᠳᠤᠮᠳᠠᠳᠤ ᠤᠯᠤᠰ ᠤᠨ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ ᠨᠢ ᠳᠤᠮᠳᠠᠳᠤ ᠤᠯᠤᠰ ᠪᠣᠯᠤᠨ ᠳᠡᠯᠡᠬᠡᠢ ᠶᠢᠨ ᠡᠯ᠎ᠡ ᠤᠯᠤᠰ ᠤᠨ ᠠᠷᠠᠯᠵᠢᠶᠠᠨ ᠤ ᠶᠠᠪᠤᠯᠴᠠᠭ᠎ᠠ ᠪᠣᠯᠤᠨ ᠨᠥᠬᠦᠷᠰᠡᠭ ᠬᠠᠷᠢᠯᠴᠠᠭ᠎ᠠ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠡᠢ ᠭᠡᠵᠦ ᠢᠯᠡᠳᠬᠡᠪᠡ᠃ ᠡᠯ᠎ᠡ ᠲᠠᠯ᠎ᠠ ᠶᠢᠨ ᠬᠢᠨ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠠᠯᠤᠰ ᠢᠷᠡᠭᠡᠳᠦᠢ ᠳᠤ ᠢᠲᠡᠭᠡᠯ ᠲᠡᠭᠦᠯᠳᠡᠷ ᠪᠠᠶᠢᠨ᠎ᠠ᠂ ᠳᠤᠷᠠᠲᠠᠶ᠎ᠠ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ ᠢᠶᠠᠷ ᠲᠠᠪᠴᠠᠩ ᠪᠣᠯᠭᠠᠵᠤ᠂ ᠳᠤᠮᠳᠠᠳᠤ ᠤᠯᠤᠰ ᠲᠤ ᠡᠵᠡᠩᠨᠡᠬᠦ ᠶᠢ ᠦᠷᠭᠦᠯᠵᠢᠯᠡᠨ ᠥᠷᠭᠡᠳᠬᠡᠵᠦ᠂ ᠴᠢᠯᠥᠭᠡᠲᠦ ᠠᠷᠠᠯᠵᠢᠶ᠎ᠠ ᠶᠢ ᠠᠬᠢᠭᠤᠯᠬᠤ᠂ ᠪᠦᠬᠦ ᠪᠥᠮᠪᠥᠷᠴᠡᠭ ᠤᠨ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃ ᠠᠵᠤ ᠠᠬᠤᠶᠢᠯᠠᠯᠲᠠᠳ ᠪᠠᠰᠠ ᠣᠷᠴᠢᠯ ᠠᠵᠤ ᠠᠬᠤᠢ ᠪᠣᠯᠤᠨ ᠪᠣᠬᠢᠷᠲᠤᠯ ᠦᠭᠡᠢ ᠠᠵᠤ ᠠᠬᠤᠢ ᠶᠢ ᠬᠥᠭᠵᠢᠭᠦᠯᠬᠦ᠂ ᠳᠤᠮᠳᠠᠳᠤ ᠤᠯᠤᠰ ᠲᠠᠬᠢ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠳᠤᠮᠳᠠᠳᠤ ᠭᠠᠳᠠᠭᠠᠳᠤ ᠶᠢᠨ ᠬᠥᠮᠦᠰ ᠤᠨ ᠶᠠᠪᠤᠯᠴᠠᠭ᠎ᠠ ᠶᠢ ᠴᠢᠩᠭᠠᠳᠬᠠᠬᠤ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃    ᠯᠢ ᠴᠢᠶᠠᠩ ᠣᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠣᠯᠠᠨ ᠤ ᠤᠷᠲᠤ ᠬᠤᠭᠤᠴᠠᠭᠠᠨ ᠤ ᠲᠤᠷᠰᠢ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ ᠳᠤ ᠢᠳᠡᠪᠬᠢᠲᠡᠢ ᠣᠷᠣᠯᠴᠠᠵᠤ᠂ ᠳᠤᠮᠳᠠᠳᠤ ᠤᠯᠤᠰ ᠲᠠᠬᠢ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠶᠡᠬᠡᠪᠡᠷ ᠥᠷᠨᠢᠭᠦᠯᠬᠦ ᠶᠢ ᠮᠠᠭᠲᠠᠨ ᠰᠠᠶᠢᠰᠢᠶᠠᠪᠠ᠃ ᠯᠢ ᠴᠢᠶᠠᠩ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ 1957 ᠣᠨ ᠳᠤ ᠡᠬᠢᠯᠡᠵᠦ᠂ ᠰᠠᠯᠬᠢ ᠪᠣᠷᠣᠭᠠᠨ ᠢ ᠥᠩᠭᠡᠷᠡᠭᠡᠵᠦ᠂ ᠶᠡᠷᠦ ᠠᠴᠠ ᠲᠠᠰᠤᠯᠳᠠᠭᠰᠠᠨ ᠦᠭᠡᠢ᠃ ᠭᠠᠳᠠᠭᠠᠳᠤ ᠳᠠᠬᠢ ᠮᠠᠰᠢ ᠣᠯᠠᠨ ᠠᠵᠤ ᠠᠬᠤᠶᠢᠯᠠᠯ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ ᠪᠣᠯᠤᠨ ᠳᠤᠮᠳᠠᠳᠤ ᠤᠯᠤᠰ ᠤᠨ ᠬᠠᠷᠢᠴᠠᠭ᠎ᠠ ᠬᠤᠯᠪᠣᠭ᠎ᠠ ᠠᠴᠠ ᠪᠣᠯᠵᠤ ᠳᠤᠮᠳᠠᠳᠤ ᠤᠯᠤᠰ ᠤᠨ ᠬᠥᠭᠵᠢᠯᠲᠡ ᠳᠤ ᠲᠠᠭᠠᠯᠳᠤᠨ ᠪᠤᠵᠠᠭᠠᠶᠢᠷᠠᠵᠠᠢ᠃ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ ᠤ ᠲᠡᠦᠬᠡ ᠪᠣᠯ ᠮᠥᠨ ᠴᠦ ᠡᠯ᠎ᠡ ᠤᠯᠤᠰ ᠤᠨ ᠠᠵᠤ ᠠᠬᠤᠶᠢᠯᠠᠯ ᠳᠤᠮᠳᠠᠳᠤ ᠤᠯᠤᠰ ᠤᠨ ᠠᠵᠠ ᠲᠣᠬᠢᠶᠠᠯ ᠢ ᠬᠠᠮᠲᠤ ᠪᠠᠷ ᠡᠳ᠋ᠯᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠦᠭᠰᠡᠨ ᠲᠡᠦᠬᠡ ᠮᠥᠨ᠂ ᠳᠤᠮᠳᠠᠳᠤ ᠤᠯᠤᠰ ᠤᠨ ᠨᠡᠭᠡᠭᠡᠯᠲᠡ ᠶᠢ ᠲᠠᠰᠤᠷᠠᠯᠲᠠ ᠦᠭᠡᠢ ᠥᠷᠭᠡᠳᠬᠡᠵᠦ᠂ ᠣᠯᠠᠨ ᠤᠯᠤᠰ ᠤᠨ ᠵᠠᠬ᠎ᠠ ᠳᠡᠯᠭᠡᠭᠦᠷ ᠲᠤ ᠢᠳᠡᠪᠬᠢᠲᠡᠢ ᠠᠭᠤᠰᠤᠯᠴᠠᠭᠰᠠᠨ ᠬᠤᠷᠢᠶᠠᠩᠭᠤᠢ ᠳᠦᠷᠰᠦ ᠮᠥᠨ᠃ ᠢᠷᠡᠭᠡᠳᠦᠢ ᠳᠤ ᠬᠠᠨᠳᠤᠵᠤ᠂ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠨ ᠡᠷᠡᠰ ᠭᠤᠶᠢᠪᠢᠰᠢ ᠦᠭᠡᠢ ᠥᠷᠭᠡᠳᠬᠡᠵᠦ᠂ ᠠᠷᠠᠯᠵᠢᠶ᠎ᠠ ᠪᠡᠯᠡ ᠣᠷᠣᠭᠤᠯᠤᠯᠲᠠ ᠶᠢᠨ ᠴᠢᠯᠥᠭᠡᠵᠢᠯᠲᠡ ᠳᠥᠭᠦᠮᠴᠢᠯᠡᠯᠲᠡ ᠶᠢ ᠠᠬᠢᠭᠤᠯᠵᠤ᠂ ᠦᠷᠭᠦᠯᠵᠢᠯᠡᠨ ᠲᠤᠰ ᠪᠡᠶ᠎ᠡ ᠶᠢᠨ ᠬᠥᠭᠵᠢᠯᠲᠡ ᠶᠢᠨ ᠲᠣᠭᠲᠠᠭᠠᠯᠲᠤ ᠴᠢᠨᠠᠷ ᠢᠶᠠᠷ ᠪᠦᠬᠦ ᠪᠥᠮᠪᠥᠷᠴᠡᠭ ᠤᠨ ᠠᠷᠠᠯᠵᠢᠶ᠎ᠠ᠂ ᠳᠡᠯᠡᠬᠡᠢ ᠶᠢᠨ ᠠᠵᠤ ᠠᠬᠤᠢ ᠳᠤ ᠨᠡᠩ ᠣᠯᠠᠨ ᠲᠣᠭᠲᠠᠪᠤᠷᠢᠲᠤ ᠴᠢᠨᠠᠷ ᠨᠡᠮᠡᠷᠢᠯᠡᠵᠦ᠂ ᠪᠠᠰᠠ ᠡᠯ᠎ᠡ ᠤᠯᠤᠰ ᠤᠨ ᠠᠵᠤ ᠠᠬᠤᠶᠢᠯᠠᠯ ᠤᠨ ᠬᠥᠭᠵᠢᠯᠲᠡ ᠳᠤ ᠨᠡᠩ ᠥᠷᠭᠡᠨ ᠠᠭᠤᠳᠠᠮ ᠣᠷᠣᠨ ᠵᠠᠢ ᠬᠠᠩᠭᠠᠨ᠎ᠠ᠃    ᠯᠢ ᠴᠢᠶᠠᠩ ᠵᠢᠭᠠᠬᠤ ᠳᠤ ᠪᠠᠨ᠂ ᠤᠷᠲᠤ ᠬᠤᠭᠤᠴᠠᠭᠠᠨ ᠤ ᠲᠤᠷᠰᠢ᠂ ᠬᠢᠯᠢ ᠶᠢᠨ ᠭᠠᠳᠠᠨᠠᠬᠢ ᠠᠵᠤ ᠠᠬᠤᠶᠢᠯᠠᠯ ᠳᠤᠮᠳᠠᠳᠤ ᠤᠯᠤᠰ ᠪᠣᠯᠤᠨ ᠳᠡᠯᠡᠬᠡᠢ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠠᠬᠢᠭᠤᠯᠬᠤ᠂ ᠳᠤᠮᠳᠠᠳᠤ ᠤᠯᠤᠰ ᠤᠨ ᠦᠢᠯᠡᠳᠬᠦ ᠪᠠ ᠭᠠᠳᠠᠭᠠᠳᠤ ᠶᠢᠨ ᠵᠠᠬ᠎ᠠ ᠳᠡᠯᠭᠡᠭᠦᠷ ᠢ ᠬᠤᠯᠪᠣᠯᠳᠤᠭᠤᠯᠬᠤ᠂ ᠪᠦᠬᠦ ᠪᠥᠮᠪᠥᠷᠴᠡᠭ ᠤᠨ ᠬᠠᠩᠭᠠᠯᠭ᠎ᠠ ᠪᠣᠯᠤᠨ ᠬᠡᠷᠡᠭᠴᠡᠭᠡ ᠶᠢᠨ ᠥᠨᠳᠥᠷ ᠪᠦᠲᠦᠮᠵᠢᠲᠡᠢ ᠵᠣᠬᠢᠴᠠᠯᠳᠤᠬᠤ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠣᠯᠠᠨ ᠢᠶᠠᠷ ᠢᠶᠠᠨ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠦᠷᠭᠦᠯᠵᠢᠯᠡᠨ ᠭᠦᠨ ᠬᠠᠭᠠᠯᠪᠤᠷᠢᠯᠠᠵᠤ᠂ ᠳᠤᠮᠳᠠᠳᠤ ᠤᠯᠤᠰ ᠲᠠᠬᠢ ᠲᠤᠬᠠᠶᠢᠯᠠᠭᠰᠠᠨ ᠠᠵᠢᠯ ᠢᠶᠠᠨ ᠥᠷᠭᠡᠳᠬᠡᠨ᠂ ᠳᠤᠮᠳᠠᠳᠤ ᠤᠯᠤᠰ ᠤᠨ ᠬᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠ ᠨᠡᠭᠡᠭᠡᠯᠲᠡᠲᠦ ᠬᠥᠭᠵᠢᠯᠲᠡ ᠶᠢᠨ ᠠᠵᠠ ᠲᠣᠬᠢᠶᠠᠯ ᠢ ᠨᠡᠩ ᠰᠠᠶᠢᠲᠤᠷ ᠬᠤᠪᠢᠶᠠᠯᠴᠠᠵᠤ᠂ ᠳᠤᠮᠳᠠᠳᠤ ᠭᠠᠳᠠᠭᠠᠳᠤ ᠶᠢᠨ ᠬᠠᠷᠢᠯᠴᠠᠨ ᠣᠶᠢᠯᠠᠭᠠᠯᠴᠠᠬᠤ ᠪᠠ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠨᠡᠮᠡᠭᠳᠡᠭᠦᠯᠬᠦ ᠨᠥᠬᠦᠷᠰᠡᠭ ᠡᠯᠴᠢ ᠪᠣᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠳᠤᠮᠳᠠᠳᠤ ᠤᠯᠤᠰ ᠥᠨᠳᠥᠷ ᠪᠠᠷᠢᠮᠵᠢᠶᠠᠲᠤ ᠣᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠢ ᠲᠦᠷᠭᠡᠳᠬᠡᠨ ᠵᠣᠯᠭᠠᠭᠤᠯᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠᠨ ᠦᠷᠭᠦᠯᠵᠢᠯᠡᠨ ᠥᠷᠭᠡᠳᠬᠡᠵᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠠᠷᠠᠳ ᠢᠷᠭᠡᠳ ᠤᠨ ᠬᠠᠷᠠᠭᠠᠯᠵᠠᠯ ᠢ ᠰᠠᠶᠢᠲᠤᠷ ᠨᠠᠶᠢᠳᠠᠪᠤᠷᠢᠵᠢᠭᠤᠯᠵᠤ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠦᠢᠯᠡᠴᠢᠯᠡᠭᠡᠨ ᠤ ᠪᠠᠲᠤᠯᠠᠭ᠎ᠠ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠳᠤᠮᠳᠠᠳᠤ ᠤᠯᠤᠰ ᠲᠤ ᠪᠠᠶᠢᠭ᠎ᠠ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠣᠯᠠᠨ ᠤᠯᠤᠰ ᠤᠨ ᠬᠤᠳᠠᠯᠳᠤᠭᠠᠨ ᠤ ᠶᠠᠪᠤᠳᠠᠯ ᠤᠨ ᠬᠥᠮᠦᠰ ᠤᠨ ᠶᠠᠪᠤᠯᠴᠠᠭ᠎ᠠ᠂ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠠᠵᠢᠯᠯᠠᠵᠤ ᠠᠮᠢᠳᠤᠷᠠᠬᠤ ᠳᠤ ᠨᠡᠩ ᠣᠯᠠᠨ ᠳᠡᠮᠵᠢᠯᠭᠡ ᠦᠵᠡᠭᠦᠯᠵᠦ ᠳᠥᠭᠦᠮ ᠦᠵᠡᠭᠦᠯᠦᠨ᠎ᠡ᠃    ᠡᠦ ᠵᠧᠩ ᠯᠦᠩ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号