ᠪᠠᠶᠠᠨᠨᠠᠭᠤᠷ ᠰᠤᠮᠤ ︽ᠵᠢᠷᠭᠤᠭᠠᠨ ᠦᠭᠡ ᠶᠢᠨ ᠪᠣᠳᠠᠲᠤ ᠬᠡᠷᠡᠭ ᠪᠠ ᠶᠣᠰᠣ︾ ᠭᠡᠬᠦ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/4/19
   4 ᠰᠠᠷ᠎ᠠ ᠶᠢᠨ 17᠎ ᠤ ᠡᠳᠦᠷ᠂ ᠪᠠᠶᠠᠨᠨᠠᠭᠤᠷ ᠰᠤᠮᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠵᠧᠦ ᠰᠢᠦᠸᠡᠢ ᠯᠧᠢ ᠪᠠᠭᠰᠢ ᠶᠢ ᠤᠷᠢᠵᠤ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ︾ ᠭᠡᠬᠦ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠥᠷᠨᠢᠭᠦᠯᠪᠡ᠃ ᠪᠠᠶᠠᠨᠨᠠᠭᠤᠷ ᠰᠤᠮᠤ ᠶᠢᠨ ᠪᠦᠬᠦ ᠺᠠᠳ᠋ᠷ ᠠᠵᠢᠯᠲᠠᠨ᠂ ᠭᠠᠴᠠᠭᠠᠨ ᠤ ᠱᠦᠵᠢ᠂ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠃    ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠵᠧᠦ ᠪᠠᠭᠰᠢ ︽ᠵᠢᠷᠭᠤᠭᠠᠨ ᠦᠭᠡ︾᠎ ᠶᠢᠨ ᠪᠣᠳᠠᠲᠤ ᠶᠠᠪᠤᠳᠠᠯ ᠪᠣᠯᠤᠨ ᠶᠣᠰᠣ ᠤᠴᠢᠷ ᠲᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠨ ᠪᠣᠳᠠᠲᠠᠢ᠂ ᠰᠢᠭᠤᠳ ᠨᠠᠮ ᠤᠨ ᠲᠡᠦᠬᠡ ᠶᠢᠨ ᠮᠠᠲ᠋ᠧᠷᠢᠶᠠᠯ ᠪᠣᠯᠤᠨ ᠪᠣᠳᠠᠲᠤ ᠵᠢᠱᠢᠶ᠎ᠡ ᠪᠠᠷ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠲᠤᠬᠠᠢ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ︽ᠵᠢᠷᠭᠤᠭᠠᠨ ᠦᠭᠡ︾᠎ ᠶᠢᠨ ᠪᠠᠶᠠᠯᠢᠭ ᠠᠭᠤᠯᠤᠭᠳᠠᠬᠤᠨ ᠢ ᠭᠦᠨᠵᠡᠭᠡᠢ ᠪᠥᠭᠡᠳ ᠣᠶᠢᠯᠠᠭᠠᠮᠵᠢᠲᠠᠢ ᠵᠠᠳᠠᠯᠵᠤ᠂ ᠣᠯᠠᠨ ᠳᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠬᠠᠯᠠᠮᠵᠢᠯᠠᠯ ᠪᠠ ᠬᠦᠰᠡᠯ ᠡᠷᠡᠮᠡᠯᠵᠡᠯ ᠢ ᠨᠡᠩ ᠭᠦᠨᠵᠡᠭᠡᠢ ᠣᠶᠢᠯᠠᠭᠠᠭᠤᠯᠪᠠ᠃    ︽ᠵᠢᠷᠭᠤᠭᠠᠨ ᠦᠭᠡ︾᠎ ᠶᠢᠨ ᠪᠣᠳᠠᠲᠤ ᠶᠠᠪᠤᠳᠠᠯ ᠪᠠ ᠶᠣᠰᠣ ᠤᠴᠢᠷ ᠪᠣᠯ ᠥᠪᠥᠷ ᠮᠣᠩᠭᠤᠯ ᠤᠨ ᠲᠡᠦᠬᠡ ᠶᠢᠨ ᠲᠤᠬᠠᠢ ᠡᠷᠭᠢᠴᠡᠭᠦᠯᠦᠯ ᠪᠣᠯᠬᠤ ᠪᠠᠷ ᠪᠠᠷᠠᠬᠤ ᠦᠭᠡᠢ ᠪᠠᠰᠠ ᠴᠤ ᠤᠯᠤᠰ ᠲᠥᠷᠥ ᠶᠢᠨ ᠣᠶᠤᠨ ᠤᠬᠠᠭᠠᠨ ᠪᠠ ᠦᠢᠯᠡᠳᠦᠯᠭᠡ ᠶᠢᠨ ᠲᠤᠷᠰᠢᠯᠭ᠎ᠠ ᠶᠢᠨ ᠳ᠋ᠦᠩᠨᠡᠯᠲᠡ ᠪᠣᠯᠬᠤ ᠪᠥᠭᠡᠳ ᠨᠡᠩ ᠴᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠦᠨᠳᠦᠰᠦᠨ ᠵᠢᠷᠤᠮᠯᠠᠯ ᠪᠣᠯᠤᠨ᠎ᠠ᠃ ᠬᠤᠷᠠᠯ ᠤᠨ ᠳᠠᠷᠠᠭ᠎ᠠ ᠬᠤᠷᠠᠯ ᠳᠤ ᠣᠷᠣᠯᠴᠠᠭᠰᠠᠳ᠂ ᠢᠮᠠᠭᠲᠠ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠬᠡᠷᠡᠭᠲᠡᠢ᠂ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠨ᠎ᠡ ᠭᠡᠵᠦ ᠢᠯᠡᠳᠬᠡᠵᠡᠭᠡᠪᠡ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号